ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠡᠴᠡᠨᠬᠤᠸᠠᠷ᠄ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠠᠷᠠᠳ ᠲᠦᠮᠡᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/2/19
                                                                ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠤᠳᠠᠯ ᠦᠭᠡᠢ ᠬᠤᠷᠠᠯᠳᠣᠬᠤ ᠪᠣᠯᠣᠨ᠎ᠠ᠃ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠲᠥᠯᠦᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠦᠳ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ  ᠪᠡᠶᠡᠯᠡᠭᠦᠯᠵᠦ ᠰᠠᠨᠠᠯ ᠵᠥᠪᠯᠡᠯᠭᠡ ᠳᠤᠷᠠᠳᠤᠨ ᠠᠷᠭ᠎ᠠ  ᠪᠣᠳᠣᠯᠭ᠎ᠠ ᠭᠠᠷᠭᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ  ᠬᠦᠴᠦᠨ ᠵᠢᠳᠬᠦᠯ ᠢᠶᠠᠨ ᠨᠡᠮᠡᠷᠢᠯᠡᠭᠰᠡᠨ ᠪᠠᠶᠢᠨ᠎ᠠ᠃      ᠰᠡᠴᠡᠨᠬᠤᠸᠠᠷ ᠪᠣᠯ ᠬᠤᠰᠢᠭᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠪᠣᠯᠣᠨ᠎ᠠ᠃ ᠲᠡᠷᠡ ᠨᠢᠭᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠬᠤᠪᠢ ᠪᠠᠷ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠶᠢ ᠡᠭᠦᠳᠦᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠰᠠᠨᠠᠯ ᠵᠥᠪᠯᠡᠯᠭᠡ ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠦᠷᠦᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠳᠤ ᠢᠳᠡᠪᠬᠢᠲᠡᠢ ᠣᠷᠣᠯᠴᠠᠵᠤ᠂ ᠢᠯᠠᠩᠭᠤᠶ᠎ᠠ ᠡᠨᠡ ᠵᠢᠯ ᠪᠦᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠵᠥᠪᠳᠡᠯᠴᠡᠨ ᠪᠠᠶᠢᠴᠠᠭᠠᠨ ᠰᠤᠳᠤᠯᠬᠤ ᠠᠵᠢᠯᠯᠠᠭ᠎ᠠ ᠳᠤ  ᠣᠷᠣᠯᠴᠠᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠵᠡᠢ᠃    ᠰᠡᠴᠡᠨᠬᠤᠸᠠᠷ ᠤᠯᠠᠨ ᠲᠦᠮᠡᠨ ᠤ ᠢᠲᠡᠭᠡᠯ ᠢ ᠣᠯᠣᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠬᠤ ᠶᠢ ᠵᠣᠷᠢᠵᠤ ᠂ ᠠᠵᠢᠯ ᠤᠨ ᠳᠤᠮᠳᠠ ᠪᠠᠨ ᠰᠤᠷᠤᠯᠴᠠᠯᠭ᠎ᠠ ᠪᠠᠨ ᠤᠯᠠᠮ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠰᠡᠳᠬᠢᠯᠭᠡ ᠪᠠᠷ ᠵᠣᠷᠢᠭᠲᠠᠢ ᠪᠠᠷ ᠬᠤᠪᠢ ᠨᠡᠮᠡᠷᠢ ᠦᠵᠡᠭᠦᠯᠵᠦ᠂  ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠤ ᠢᠲᠡᠭᠡᠯ  ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠲᠤᠰᠢᠶᠠᠯ ᠳᠠᠭᠠᠨ ᠲᠡᠩᠴᠡᠭᠰᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠬᠤ ᠪᠠᠷ  ᠨᠡᠩ ᠴᠢᠷᠮᠠᠶᠢᠨ ᠠᠵᠢᠯᠯᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号