ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠭᠤᠷᠪᠠᠳᠤᠭᠠᠷ  ᠤᠳᠠᠭᠠᠨ ᠤ ᠬᠤᠷᠠᠯᠳᠣᠭᠠᠨ  ᠬᠤᠷᠠᠯᠳᠣᠵᠦ ᠡᠬᠢᠯᠠᠯ᠎ᠠ
ᠨᠡᠶᠢᠲᠡᠯᠡᠭᠰᠡᠨ ᠴᠠᠭ᠄
2024/2/19
                      1 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠭᠤᠷᠪᠠᠳᠤᠭᠠᠷ  ᠤᠳᠠᠭᠠᠨ ᠤ ᠬᠤᠷᠠᠯᠳᠣᠭᠠᠨ ᠬᠤᠷᠠᠯᠳᠣᠵᠦ ᠡᠬᠢᠯᠠᠪᠠ᠃      ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ  ᠮᠦᠩᠭᠦᠨᠱᠠ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠪᠤᠯᠤᠳ ᠵᠡᠷᠭᠡ ᠤᠳᠤᠷᠢᠳᠤᠯᠭ᠎ᠠ  ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠲᠡᠷᠢᠭᠦᠯᠡᠭᠴᠢ ᠪᠠᠭᠠᠨ᠎ᠠ᠂ ᠳᠡᠳ᠋ ᠲᠡᠷᠢᠭᠦᠯᠡᠭᠴᠢ ᠰᠠᠷᠠᠨᠲᠤᠶᠠᠭ᠎ᠠ᠂ ᠶᠣᠣ ᠬᠠᠢ ᠮᠢᠩ᠂ ᠤᠳᠬᠠᠪᠠᠭᠠᠳᠣᠷ  ᠂ ᠶᠠᠩ ᠳ᠋ᠦᠩ ᠹᠧᠩ᠂ ᠨᠠᠷᠢᠨ ᠪᠢᠴᠢᠭ ᠤᠨ ᠳᠠᠷᠤᠭ᠎ᠠ ᠤᠳᠭᠠᠨᠳᠦ᠋ᠭᠦᠷᠡᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃     ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 123 ᠬᠥᠮᠥᠨ ᠪᠠᠶᠢᠵᠦ᠂ 7 ᠬᠥᠮᠥᠨ ᠤᠴᠢᠷ ᠶᠠᠪᠤᠳᠠᠯ  ᠪᠠ ᠡᠪᠡᠳᠴᠢᠨ ᠤ  ᠴᠢᠯᠦᠭᠡ ᠭᠤᠶᠤᠵᠤ᠂116 ᠬᠥᠮᠥᠨ  ᠬᠤᠷᠠᠯ ᠳᠤ ᠪᠣᠳᠠᠲᠠᠢ  ᠤᠷᠤᠯᠴᠠᠨ᠂  ᠤᠯᠤᠰ ᠲᠦᠷᠦ ᠶᠢᠨ ᠵᠦᠪᠯᠠᠯᠬᠡᠨ ᠤ ᠬᠠᠮᠢᠶ᠎ᠠ  ᠪᠦᠬᠦᠢ ᠲᠦᠷᠢᠮ ᠲᠤᠭᠳᠠᠭᠠᠯ ᠳᠤ ᠨᠠᠶᠢᠴᠡᠭᠰᠠᠨ ᠪᠠᠶᠢᠨ᠎ᠠ᠃     ᠮᠦᠩᠭᠦᠨᠱᠠ ᠬᠤᠰᠢᠭᠤ ᠨᠠᠮ ᠤᠨ ᠬᠤᠷᠢᠶ᠎ᠠ ᠶᠢ ᠲᠦᠯᠤᠬᠡᠯᠠᠨ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠭᠰᠠᠨ ᠳᠤ ᠪᠠᠶᠠᠷ ᠬᠦᠷᠭᠡᠵᠦ᠂ ᠶᠡᠭᠡ ᠬᠤᠷᠠᠯ ᠤᠨ ᠲᠡᠭᠦᠰ ᠠᠮᠵᠢᠯᠲᠠ ᠣᠯᠬᠤ   ᠶᠢ ᠵᠥᠩᠨᠡᠵᠡᠢ᠃ ᠮᠦᠩᠭᠦᠨᠱᠠ  ᠶᠠᠷᠢᠶᠠᠨ ᠳᠠᠭᠠᠨ᠄ ᠰᠠᠶ᠋ᠢᠬᠠᠨ ᠥᠩᠭᠡᠷᠡᠭᠰᠡᠨ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂  ᠮᠠᠨ ᠤ ᠬᠤᠰᠢᠭᠤ ᠨᠢ ᠰᠢ ᠶᠢᠨ ᠫᠢᠩ   ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ  ‍ᠤᠨ‌ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠯᠬᠦᠮᠳᠡᠨ ᠨᠢᠭᠡᠳᠴᠦ᠂ ᠴᠢᠩᠭ᠎ᠠ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ ᠰᠢᠨ᠎ᠡ ᠦᠢᠯᠡᠳᠦᠯᠭᠡ ᠶᠢᠨ ᠰᠠᠶᠢᠨ ᠰᠠᠶᠢᠬᠠᠨ ᠡᠬᠢᠯᠡᠯᠲᠡ ᠲᠠᠢ ᠪᠣᠯᠬᠤ ᠶᠢ ᠠᠬᠢᠭᠤᠯᠪᠠ᠃ ᠨᠢᠭᠡ ᠵᠢᠯ ᠤᠨ ᠲᠤᠷᠰᠢ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ  ᠭᠡᠰᠢᠭᠦᠳ   ᠨᠢ ᠤᠯᠤᠰ ᠲᠥᠷᠥ  ᠳᠤ ᠵᠦᠪᠯᠠᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ  ᠲᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠤᠯᠤᠰ ᠲᠥᠷᠥ ᠶᠢᠨ ᠵᠥᠪᠯᠡᠯᠭᠡᠨ ᠤ ᠬᠤᠪᠢ ᠨᠡᠮᠡᠷᠢ   ᠪᠠᠨ ᠦᠵᠡᠬᠦᠯᠪᠠ ᠬᠡᠵᠡᠢ  ᠃     ᠮᠦᠩᠭᠦᠨᠱᠠ ᠶᠠᠷᠢᠶᠠᠨ ᠳᠠᠭᠠᠨ᠄ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ  ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ  ᠨᠢᠬᠡ ᠵᠣᠷᠢᠭ ᠢᠶᠠᠷ ᠬᠠᠲᠠᠭᠤᠵᠢᠯᠲᠠᠢ ᠠᠵᠢᠯᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ  ᠢ ᠠᠬᠢᠨ ᠰᠢᠨ᠎ᠡ ᠳᠡᠭᠲᠡᠷ ᠲᠤ ᠭᠠᠷᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ  ᠬᠡᠰᠢᠬᠦᠳ ᠨᠢ  ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ  ᠬᠤᠰᠢᠭᠤ ᠨᠠᠮ ᠤᠨ  ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠨ᠂ ᠤᠷᠤᠭᠰᠢᠯᠠᠯᠲᠠ ᠶᠢᠨ ᠴᠢᠭᠯᠡᠯ ᠢᠶᠠᠨ ᠵᠥᠪ ᠣᠨᠣᠪᠴᠢᠲᠠᠶ ᠲᠤᠭᠲᠠᠭᠠᠵᠤ᠂  ᠰᠢᠨ᠎ᠡ ᠡᠭᠦᠷᠭᠡ ᠶᠢ ᠡᠭᠦᠷᠬᠡᠯᠠᠨ᠂  ᠪᠦᠯᠬᠦᠮᠳᠡᠯ  ᠬᠤᠯᠪᠣᠭᠠᠯᠠᠯ ᠤᠨ ᠭᠤᠣᠯ ᠰᠡᠳᠦᠪ ᠢ ᠪᠠᠲᠤ ᠡᠵᠡᠮᠳᠡᠨ᠂ ᠰᠢᠨ᠎ᠡ ᠡᠬᠢᠯᠡᠯᠲᠡ ᠶᠢᠨ ᠱᠤᠭᠤᠮ ᠳᠡᠭᠡᠷ᠎ᠡ ᠠᠯᠬᠤᠮ ᠨᠢᠭᠡᠲᠡᠢ ᠤᠷᠤᠭᠰᠢᠯᠠᠵᠤ᠂ ᠪᠦᠭᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠲᠦᠷᠦᠭᠦᠦ ᠡᠩᠨᠡᠬᠡᠨ ᠳᠤ ᠡᠷᠡᠯᠬᠡᠭᠯᠡᠨ ᠤᠷᠤᠭᠰᠢᠭᠯᠠᠬᠤ ᠶᠢ ᠭᠦᠰᠠᠵᠦ ᠪᠠᠶᠢᠨ᠎ᠠ ᠬᠡᠵᠡᠢ᠃     ᠪᠠᠭᠠᠨ᠎ᠠ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ  ᠤᠨ ᠮᠠᠳᠠᠬᠦᠯᠤᠯᠳᠠ  ᠬᠢᠵᠡᠢ  ᠃    ᠮᠡᠳᠡᠭᠦᠯᠦᠯᠲᠡ  ᠳᠡᠭᠡᠨ᠄ 2023 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ   ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠦᠢᠯᠠᠭᠠᠵᠦ᠂  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠢ ᠵᠢᠯᠣᠭᠤᠳᠤᠯᠭ᠎ᠠ ᠳᠣᠣᠷ᠎ᠠ᠂  ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠲᠤ ᠰᠠᠬᠢᠵᠤ᠂ ᠰᠡᠳᠬᠢᠯ  ᠢᠶᠠᠨ ᠨᠢᠭᠡᠳᠬᠡᠵᠦ᠂  ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠵᠤ᠂ ᠪᠦᠯᠬᠦᠮᠳᠡᠯ ᠠᠷᠠᠳᠴᠢᠯᠠᠯ ᠢ ᠪᠠᠷᠢᠮᠲᠠᠯᠠᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ‌‍ᠰᠠᠶᠢᠵᠢᠷᠠᠭᠤᠯᠤᠭᠰᠠᠨ ᠪᠠᠶᠢᠨ᠎ᠠ︔ ᠰᠠᠨᠠᠭᠠᠴᠢᠯᠠᠭ᠎ᠠ   ᠠᠴᠠ ᠪᠠᠨ ᠠᠭᠤᠰᠤᠯᠴᠠᠬᠤ ᠶᠢ ᠪᠠᠷᠢᠮᠲᠠᠯᠠᠵᠤ᠂ ᠡᠭᠦᠷᠭᠡ ᠴᠢᠳᠠᠪᠬᠢ ᠪᠠᠨ ᠳᠡᠭᠡᠭᠰᠢᠯᠡᠭᠦᠯᠵᠦ ᠪᠣᠳᠠᠲᠠᠢ ᠦᠷ᠎ᠡ ᠪᠦᠲᠦᠮᠵᠢ ᠣᠯᠬᠤ ᠪᠠᠷ  ᠴᠢᠷᠮᠠᠶᠢᠨ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠷᠭᠡᠨ ᠣᠯᠠᠨ ᠤᠯᠤᠰ ᠲᠥᠷᠥ   ᠶᠢᠨ ᠵᠥᠪᠯᠡᠯᠭᠡᠨ ᠤ  ᠬᠡᠰᠢᠬᠦᠳ᠂ ᠡᠯ᠎ᠡ ᠠᠷᠠᠳ ᠤᠨ ᠪᠦᠯᠬᠦᠮ ᠪᠣᠯᠣᠨ ᠡᠯ᠎ᠡ ᠦᠨᠳᠦᠰᠦᠲᠡᠨ   ᠤ ᠡᠯ᠎ᠡ ᠡᠲᠡᠭᠡᠳ ᠤᠨ ᠬᠥᠮᠥᠰ   ᠢ ᠪᠦᠯᠬᠦᠮᠳᠡᠭᠦᠯᠦᠨ ᠳᠠᠭᠠᠭᠤᠯᠵᠤ᠂ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ   ᠶᠢᠨ ᠲᠣᠭᠤᠷᠢᠨ ᠳᠤ ᠪᠦᠯᠬᠦᠮᠳᠡᠯ ᠠᠷᠠᠳᠴᠢᠯᠠᠯ ᠤᠨ ᠬᠤᠶᠠᠷ ᠶᠡᠭᠡ ᠰᠡᠳᠦᠪ   ᠢ ᠪᠠᠲᠤ ᠡᠵᠡᠮᠰᠢᠨ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ   ᠶᠢᠨ ᠲᠠᠨᠢᠯᠲᠠ   ᠶᠢ ᠨᠢᠭᠲᠠᠷᠠᠭᠤᠯᠤᠨ ᠬᠤᠣᠰ ᠴᠢᠭᠯᠡᠯ   ᠢᠶᠠᠷ ᠬᠦᠴᠦᠯᠡᠬᠦ   ᠶᠢ ᠢᠳᠡᠪᠬᠢᠲᠡᠢ ᠠᠬᠢᠭᠤᠯᠵᠤ᠂ ᠡᠯ᠎ᠡ ᠲᠥᠷᠥᠯ ᠤᠨ ᠠᠵᠢᠯ  ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ  ᠡᠷᠭᠦᠭᠰᠠᠨ ᠪᠠᠶᠢᠨ᠎ᠠ ᠬᠡᠵᠡᠢ᠃      ᠪᠠᠭᠠᠨ᠎ᠠ ᠮᠠᠳᠠᠬᠦᠯᠤᠯᠳᠠ ᠳᠡᠭᠡᠨ  ᠄ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ  ᠂ ᠪᠠᠰᠠ ᠴᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ᠃  ᠬᠤᠰᠢᠭᠤ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠦᠷᠭᠦᠯᠵᠢᠯᠡᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠪᠠ ᠠᠷᠠᠳᠴᠢᠯᠠᠯ ᠢᠶᠠᠷ ᠵᠦᠪᠯᠠᠬᠦ ᠶᠢ  ᠣᠷᠭᠠᠨᠢᠭ ᠢᠶᠠᠷ ᠤᠶᠠᠯᠳᠤᠭᠤᠯᠵᠤ᠂  ᠬᠤᠰᠢᠭᠤ ᠨᠠᠮ ᠤᠨ  ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ  ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ  ᠰᠠᠶᠢᠲᠤᠷ ᠪᠠᠳᠠᠷᠠᠭᠤᠯᠵᠤ᠂ ᠤᠯᠤᠰ ᠲᠦᠷᠦ  ᠳᠤ ᠵᠦᠪᠯᠠᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ  ᠲᠤ ᠣᠷᠣᠯᠴᠠᠨ  ᠵᠠᠰᠠᠭ ᠤᠨ ᠶᠠᠪᠤᠳᠠᠯ ᠢ ᠵᠥᠪᠯᠡᠬᠦ  ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ  ᠰᠢᠨ᠎ᠡ ᠦᠢᠯᠡᠳᠦᠯᠭᠡ ᠳᠤ ᠤᠯᠠᠨ ᠤ ᠤᠶᠤᠨ ᠤᠬᠠᠭᠠᠨ ᠂ ᠭᠦᠴᠦᠨ ᠴᠢᠳᠠᠯ ᠢ ᠨᠢᠭᠳᠠᠷᠠᠭᠤᠯᠬᠤ  ᠪᠣᠯᠣᠨ᠎ᠠ ᠭᠡᠵᠡᠢ  ᠃     ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠪᠠᠶᠢᠩᠭᠤ ᠶᠢᠨ  ᠬᠤᠷᠢᠶᠠᠨ ᠤ ᠨᠠᠶᠢᠳᠠᠯᠭ᠎ᠠ ᠪᠠᠷ᠂ ᠶᠠᠩ ᠳ᠋ᠦᠩ ᠹᠧᠩ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ  ᠬᠤᠶᠠᠳᠣᠭᠠᠷ ᠬᠤᠷᠠᠯᠳᠤᠭᠠᠨ   ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃     ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ  ᠬᠡᠰᠢᠬᠦᠳ᠂  ᠳᠡᠳ᠋ ᠬᠤᠰᠢᠭᠤ ᠳᠠᠷᠤᠭ᠎ᠠ  ᠂ ᠰᠢᠭᠦᠬᠦ ᠬᠤᠷᠢᠶ᠎ᠠ ᠪᠠᠶᠢᠴᠠᠭᠠᠬᠤ  ᠬᠤᠷᠢᠶᠠᠨ ᠤ ᠭᠤᠣᠯ ᠤᠳᠤᠷᠢᠳᠤᠯᠭ᠎ᠠ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠭᠤᠣᠯ ᠤᠳᠤᠷᠢᠳᠤᠯᠭ᠎ᠠ ᠵᠢᠴᠢ ᠮᠠᠨ ᠤ ᠬᠤᠰᠢᠭᠤᠨ  ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠬᠡᠰᠢᠭᠦᠨ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号