2024 ᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠰᠢᠩᠭᠡᠭᠡᠨ ᠦᠢᠯᠡᠳᠬᠦ ᠠᠵᠢᠯ ᠠᠮᠵᠢᠯᠳᠠᠳᠠᠢ ᠶᠠᠪᠣᠭᠳᠠᠯ᠎ᠠ
ᠨᠡᠶᠢᠲᠡᠯᠡᠭᠰᠡᠨ ᠴᠠᠭ᠄
2024/2/20
   1 ᠰᠠᠷ᠎ᠠ ᠶᠢᠨ 25᠎ ᠤ ᠣᠷᠣᠢ᠂ ᠪᠠᠷᠠᠭᠤᠨ ᠦᠵᠦᠮᠦᠴᠢᠨ ᠬᠤᠰᠢᠭᠤᠨ ᠤ ᠬᠦᠭᠡ ᠯᠣᠣ ᠵᠢᠯ ᠤᠨ ᠴᠠᠭᠠᠨ ᠰᠠᠷ᠎ᠠ ᠎ ᠳᠤ ᠵᠣᠷᠢᠭᠤᠯᠣᠭᠰᠠᠨ ︽ᠡᠯᠢᠭᠡ ᠵᠢᠷᠣᠭᠡᠨ ᠤ ᠬᠤᠯᠪᠣᠭ᠎ᠠ ᠡᠩᠭᠡ ᠠᠮᠣᠭᠤᠯᠠᠩᠳᠦ ᠣᠮᠠᠷᠠᠳᠣ ᠬᠢᠯᠢ︾ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠴᠠᠭᠠᠨ ᠰᠠᠷ᠎ᠠ ᠶᠢᠨ ᠦᠳᠡᠰᠢᠯᠡᠭᠡ ᠶᠢᠨ ᠰᠢᠩᠭᠡᠭᠡᠨ ᠦᠢᠯᠡᠳᠬᠦ ᠠᠵᠢᠯ ᠠᠮᠵᠢᠯᠳᠠᠳᠠᠢ ᠶᠠᠪᠤᠭᠳᠠᠪᠠ᠃ ᠦᠳᠡᠰᠢᠯᠡᠭᠡ ᠶᠢ ᠬᠤᠰᠢᠭᠤ ᠵᠠᠰᠠᠭ ᠤᠨ ᠣᠷᠳᠣᠨ ᠠᠴᠠ ᠭᠤᠤᠯᠯᠠᠨ ᠡᠷᠬᠢᠯᠡᠵᠦ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠳᠠᠭᠠᠭᠠᠴᠢᠯᠠᠨ ᠡᠷᠬᠢᠯᠡᠪᠡ᠃      ᠦᠳᠡᠰᠢᠯᠡᠭᠡ ᠶᠢᠨ ᠲᠣᠭᠯᠠᠯᠲᠠ ᠨᠢ ᠣᠷᠳᠣ ᠶᠢᠨ ᠲᠠᠭᠤᠣ᠂ ᠨᠠᠶᠢᠷᠠᠯ ᠬᠦᠭᠵᠢᠮ᠂ ᠪᠦᠵᠢᠭ᠂ ᠵᠦᠴᠦᠭᠡ᠂ ᠬᠤᠯᠪᠣᠭ᠎ᠠ ᠲᠠᠭᠠᠷᠢᠯᠴᠠᠭ᠎ᠠ ᠵᠡᠷᠭᠡ ᠣᠯᠠᠨ ᠰᠠᠶᠢᠬᠠᠨ ᠠᠭᠤᠯᠭ᠎ᠠ ᠶᠢ ᠬᠠᠮᠣᠷᠴᠣ᠂ ᠣᠯᠠᠮᠵᠢᠯᠠᠯᠲᠣ ᠲᠠᠭᠤᠣ ᠣᠷᠠᠯᠢᠭ᠂ ᠰᠢᠨ᠎ᠡ ᠴᠠᠭ ᠦᠶ᠎ᠡ ᠶᠢᠨ ᠣᠷᠠᠯᠢᠭ ᠤᠨ ᠬᠡᠪ ᠨᠡᠮᠪᠡ ᠶᠢ ᠠᠭᠤᠰᠣᠯᠴᠠᠭᠤᠯᠵᠣ᠂ ᠲᠠᠭᠤᠴᠢᠨ ᠮᠥᠩᠭᠦᠨᠴᠡᠴᠡᠭ᠂ ᠦᠨᠳᠦᠰᠦ ᠨᠠᠷ ᠬᠦᠷᠦᠯᠴᠠᠨ ᠢᠷᠡᠵᠦ ᠣᠷᠣᠯᠴᠠᠭᠰᠠᠨ ᠪᠦᠭᠡᠳ ᠠᠯᠠᠱᠠ᠂ ᠣᠷᠳᠣᠰ᠂ ᠣᠯᠠᠭᠠᠨᠬᠠᠳᠠ᠂ ᠣᠯᠠᠭᠠᠨᠴᠠᠪ ᠵᠡᠷᠭᠡ ᠬᠤᠰᠢᠭᠤ ᠨᠣᠳᠤᠭ ᠤᠨ ᠣᠯᠠᠭᠠᠨᠮᠦ᠋ᠴᠢᠷ ᠤᠨ ᠲᠣᠭᠯᠠᠭᠴᠢᠳ ᠠᠶ᠎ᠠ  ᠲᠠᠭᠤᠣ ᠪᠠᠨ ᠡᠷᠬᠦᠵᠦ ᠦᠳᠡᠰᠢᠯᠡᠭᠡ ᠎ ᠶᠢᠨ ᠪᠠᠰᠠ ᠨᠢᠬᠡᠨ ᠣᠨᠴᠠᠯᠢᠭ ᠢ ᠲᠣᠪᠣᠶᠢᠯᠭᠠᠭᠰᠠᠨ ᠪᠠᠶᠢᠨ᠎ᠠ᠃       ᠦᠳᠡᠰᠢᠯᠡᠭᠡ ᠳᠤ᠂ ᠤᠷᠢᠯᠭ᠎ᠠ ᠪᠠᠷ ᠣᠷᠣᠯᠴᠠᠭᠰᠠᠨ ᠪᠣᠰᠣᠳ ᠠᠶᠢᠮᠠᠭ ᠬᠤᠲᠠ ᠬᠤᠰᠢᠭᠤ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠠᠴᠠ ᠭᠠᠳᠠᠨ᠎ᠠ᠂ ᠪᠠᠰᠠ ᠮᠠᠨ ᠤ ᠬᠤᠰᠢᠭᠤᠨ ᠤ ᠠᠪᠢᠶᠠᠰᠯᠢᠭ ᠬᠥᠭᠡᠷᠦᠬᠦᠨ ᠬᠡᠦᠬᠡᠳ ᠪᠠᠭᠠᠴᠤᠳ᠂ ᠪᠦᠵᠢᠭ ᠲᠤ ᠪᠠᠭ᠋ᠠᠲᠠᠢ ᠠᠬᠠᠮᠠᠳ᠂ ᠤᠷᠲᠤ ᠶᠢᠨ ᠳᠠᠭᠤᠨ ᠤ ᠤᠯᠠᠮᠵᠢᠯᠠᠭᠴᠢ᠂ ᠡᠪᠦᠯ ᠤᠨ ᠠᠮᠠᠷᠠᠯᠲᠠ ᠪᠠᠷ ᠬᠠᠷᠢᠵᠤ ᠢᠷᠡᠭᠰᠡᠨ ᠮᠠᠨ ᠤ ᠬᠤᠰᠢᠭᠤᠨ ᠤ ᠰᠤᠷᠤᠭᠴᠢ ᠣᠶᠣᠲᠠᠳ᠂  ᠬᠤᠰᠢᠭᠤ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ  ᠲᠣᠭᠯᠠᠭᠴᠢᠳ ᠪᠣᠯᠣᠨ ᠣᠷᠣᠨ ᠤ ᠳᠣᠲᠣᠨ᠎ᠠ ᠭᠠᠳᠠᠨ᠎ᠠ ᠨᠡᠷ᠎ᠡ ᠠᠯᠳᠠᠷ ᠎ ᠲᠠᠢ ᠪᠠᠷᠠᠭᠤᠨ ᠦᠵᠦᠮᠦᠴᠢᠨ ᠨᠤᠲᠤᠭ ᠲᠠᠢ ᠰᠢᠯᠢᠳᠡᠭ ᠤᠳᠬ᠎ᠠ ᠤᠷᠠᠯᠢᠭ ᠤᠨ ᠴᠢᠳᠠᠪᠤᠷᠢᠲᠠᠳ ᠴᠤ ᠣᠷᠣᠯᠴᠠᠵᠤ᠂ ᠥᠪᠡᠷ ᠥᠪᠡᠷ ᠤᠨ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠪᠠᠷᠠᠭᠤᠨ ᠦᠵᠦᠮᠦᠴᠢᠨ ᠤ ᠲᠠᠯ᠎ᠠ ᠨᠤᠲᠤᠭ ᠤᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠰᠢᠨ᠎ᠡ ᠶᠢ ᠡᠭᠦᠳᠦᠭᠰᠡᠨ ᠬᠥᠭᠵᠢᠯᠲᠡ ᠶᠢᠨ ᠦᠷ᠎ᠡ ᠪᠦᠲᠦᠭᠡᠯ ᠢ ᠠᠮᠢᠳᠤᠯᠢᠭ ᠬᠠᠷᠠᠭᠤᠯᠤᠭᠰᠠᠨ ᠪᠠᠶᠢᠨ᠎ᠠ  ᠃     ︽ᠡᠯᠢᠭᠡ ᠵᠢᠷᠣᠭᠡᠨ ᠤ ᠬᠤᠯᠪᠣᠭ᠎ᠠ ᠡᠩᠭᠡ ᠠᠮᠣᠭᠤᠯᠠᠩᠳᠦ ᠣᠮᠠᠷᠠᠳᠣ ᠬᠢᠯᠢ︾ ᠪᠠᠭ᠋ᠠᠷᠣᠮ᠎ᠠ ᠰᠠᠶᠢᠬᠠᠨ ᠪᠠᠷᠠᠭᠤᠨ ᠦᠵᠦᠮᠦᠴᠢᠨ ᠬᠦᠭᠡ ᠯᠣᠣ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠨᠢ ᠲᠣᠮᠳᠠᠳᠣ ᠶᠢᠨ ᠦᠨᠳᠦᠰᠦᠲᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠲᠣᠳᠬᠠᠬᠤ ᠪᠠᠷ ᠭᠤᠣᠯ ᠰᠢᠵᠢᠮ ᠪᠣᠯᠭᠠᠵᠤ᠂  ᠦᠵᠦᠮᠦᠴᠢᠨ ᠨᠣᠳᠤᠭ ᠎ ᠤᠨ ᠲᠦᠷᠪᠡᠨ ᠣᠯᠠᠷᠢᠯ ᠤᠨ ᠥᠩᠭᠡ ᠦᠵᠡᠮᠵᠢ᠂ ᠰᠣᠶᠣᠯ ᠤᠨ ᠠᠭᠤᠯᠬᠤᠨ᠂ ᠨᠣᠳᠤᠭ ᠣᠷᠣᠨ ᠤ ᠣᠨᠴᠠᠯᠢᠭ ᠲᠠᠢ ᠠᠵᠣ ᠠᠬᠤᠢ ᠪᠠᠷ ᠠᠷᠣ ᠦᠵᠡᠭᠳᠡᠯ ᠪᠣᠯᠭᠠᠨ᠂ ᠰᠣᠶᠣᠯ ᠣᠷᠠᠯᠢᠭ᠂ ᠦᠨᠳᠦᠰᠦᠲᠡᠨ ᠤ ᠪᠦᠯᠬᠦᠮᠳᠡᠯ᠂ ᠴᠠᠭ ᠦᠶ᠎ᠡ ᠎ ᠶᠢᠨ ᠬᠦᠭᠵᠢᠯᠲᠡ ᠶᠢ  ᠬᠠᠷᠠᠭᠤᠯᠵᠣ᠂ ᠰᠢᠨ᠎ᠡ ᠬᠦᠳᠡᠭᠡ ᠲᠣᠰᠬᠤᠨ ᠮᠠᠯᠵᠢᠬᠤ ᠣᠷᠣᠨ᠂ ᠠᠷᠠᠳ ᠣᠯᠠᠨ ᠤ ᠠᠮᠢᠳᠣᠷᠠᠯ ᠤᠨ ᠥᠩᠭᠡ ᠲᠦᠷᠬᠦ᠂ ᠵᠣᠯ ᠵᠢᠷᠭᠠᠯ ᠢ ᠪᠢᠴᠢᠭᠯᠡᠨ᠂ ᠨᠠᠮ ᠪᠣᠯᠣᠨ ᠣᠯᠣᠰ ᠣᠷᠣᠨ ᠤ ᠪᠠᠨ ᠬᠦᠭᠵᠢᠯ ᠴᠡᠴᠡᠭᠯᠡᠯ ᠳᠤ ᠬᠠᠮᠳᠣᠪᠡᠷ ᠬᠦᠴᠦ ᠪᠠᠨ ᠡᠷᠬᠦᠨ ᠰᠠᠶᠢᠨ ᠰᠠᠶᠢᠬᠠᠨ ᠵᠦᠩᠨᠡᠯ ᠢ ᠲᠡᠪᠰᠢᠬᠦᠯᠵᠦ ᠪᠠᠶᠢᠭ᠎ᠠ ᠣᠳᠬ᠎ᠠ ᠠᠭᠤᠯᠭ᠎ᠠ ᠶᠢ ᠢᠯᠡᠷᠡᠭᠦᠯᠵᠦ᠂ ᠰᠢᠨ᠎ᠡ ᠴᠠᠭᠠᠨ ᠰᠠᠷ᠎ᠠ ᠪᠠᠷ ᠦᠵᠡᠭᠴᠢᠳ ᠲᠠᠢ ᠪᠠᠨ ᠵᠣᠯᠭᠠᠬᠤ ᠪᠠᠷ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号