ᠠᠷᠠᠳ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠨ ᠡᠯ᠎ᠡ ᠵᠦᠢᠯ ᠤᠨ ᠢᠯᠡᠳᠬᠡᠯ ᠢ  ᠬᠢᠨᠠᠨ ᠶᠠᠷᠢᠯᠴᠠᠪᠠ
ᠨᠡᠶᠢᠲᠡᠯᠡᠭᠰᠡᠨ ᠴᠠᠭ᠄
2024/2/20
                                                       1 ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠠᠷᠠᠳ ᠤᠨ ᠲᠥᠯᠥᠭᠡᠯᠡᠭᠴᠢᠳ ᠳᠤᠭᠤᠶᠢᠯᠠᠩ ᠬᠤᠪᠢᠶᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠰᠡᠨ ᠲᠥᠷᠦᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾᠎ ᠶᠢ ᠬᠢᠨᠠᠨ ᠶᠠᠷᠢᠯᠴᠠᠵᠤ᠂ ᠵᠢᠱᠢᠭᠳᠡᠭᠰᠡᠳ ᠤᠨ ᠨᠡᠷᠡᠰ ︵ᠲᠥᠰᠥᠯ︶ ᠵᠡᠷᠭᠡ ᠶᠢ ᠰᠣᠳᠣᠯᠣᠨ ᠶᠠᠷᠢᠯᠴᠠᠪᠠ᠃     ᠡᠯ᠎ᠡ ᠶᠠᠷᠢᠯᠴᠠᠬᠤ ᠳᠤᠭᠤᠶᠢᠯᠠᠩ ᠳᠤ ᠲᠥᠯᠦᠭᠡᠯᠡᠭᠴᠢᠳ ᠨᠢ ᠠᠷᠠᠳ ᠤᠨ ᠰᠠᠨᠠᠭ᠎ᠠ ᠶᠢ ᠤᠯᠠᠮᠵᠢᠯᠠᠵᠤ᠂ ᠢᠳᠡᠪᠬᠢᠲᠡᠢ ᠪᠠᠷ ᠰᠠᠨᠠᠯ ᠵᠦᠪᠯᠡᠯᠭᠡ ᠪᠠᠨ ᠥᠭᠴᠦ  ᠂ ᠢᠷᠡᠭᠡᠳᠦᠢ ᠶᠢᠨ ᠳᠥᠰᠦᠯ ᠢ ᠬᠠᠮᠲᠤᠪᠡᠷ  ᠵᠢᠷᠤᠭᠯᠠᠪᠠ  ᠃  ᠤᠯᠠᠨ ᠢᠶᠠᠷ ᠢᠶᠠᠨ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠡᠳᠦᠪ  ᠪᠠ ᠰᠡᠳᠬᠢᠮᠵᠢ ᠨᠢ  ᠲᠣᠳᠣᠷᠬᠠᠢ᠂ ᠵᠣᠭᠰᠣᠯᠲᠠ ᠨᠢ ᠥᠨᠳᠥᠷ᠂ ᠠᠭᠤᠯᠭ᠎ᠠ ᠨᠢ ᠪᠦᠷᠢᠨ ᠭᠦᠢᠴᠡᠳ ᠪᠠᠶᠢᠵᠤ᠂ ᠪᠦᠭᠦ ᠬᠤᠰᠢᠭᠤᠨ ᠤ ᠰᠢᠨ᠎ᠡ ᠡᠬᠢᠯᠡᠯᠲᠡ᠂ ᠰᠢᠨ᠎ᠡ ᠠᠶᠠᠨ ᠵᠠᠮ ᠳᠠᠬᠢ ᠰᠢᠨ᠎ᠡ ᠪᠠᠶᠢᠳᠠᠯ᠂ ᠰᠢᠨ᠎ᠡ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠵᠠᠳᠠᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠪᠠᠶᠢᠯᠳᠤᠬᠤ ᠪᠣᠳᠣᠯᠭ᠎ᠠ ᠶᠢ ᠲᠤᠭᠲᠠᠭᠠᠵᠤ᠂ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠲᠥᠰᠥᠪ ᠢ ᠲᠣᠳᠣᠷᠬᠠᠢ ᠵᠢᠷᠤᠭᠯᠠᠵᠤ᠂ ᠬᠥᠮᠥᠰ ᠤᠨ ᠣᠷᠮ᠎ᠠ ᠵᠣᠷᠢᠭ ᠢ ᠬᠥᠭᠵᠢᠭᠡᠭᠰᠡᠨ  ᠪᠠᠶᠢᠨ᠎ᠠ  ᠬᠡᠮᠡᠨ ᠢᠯᠡᠳᠭᠡᠵᠡᠭᠡᠪᠡ᠃    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠡᠯ᠎ᠡ ᠵᠦᠢᠯ ᠤᠨ ᠮᠡᠳᠡᠭᠦᠯᠦᠯᠲᠡ ᠶᠢᠨ ᠠᠭᠤᠯᠭ᠎ᠠ ᠶᠢᠨ ᠲᠤᠭᠤᠷᠢᠨ ᠳᠤ᠂ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠣᠶᠠᠯᠳᠣᠭᠤᠯᠤᠨ᠂ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯ ᠠᠵᠤ ᠠᠬᠤᠢ ᠶᠢᠨ ᠬᠥᠭᠵᠢᠯᠲᠡ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠤᠷᠭᠠᠨ ᠬᠥᠮᠦᠵᠢᠯ  ᠂ ᠡᠮ ᠡᠮᠨᠡᠯᠭᠡ᠂ ᠠᠶᠤᠯᠭᠦᠢ ᠦᠢᠯᠡᠳᠪᠦᠷᠢᠯᠡᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠠᠰᠠᠭᠤᠳᠠᠯ ᠢ ᠶᠠᠷᠢᠯᠴᠠᠵᠤ᠂  ᠠᠷᠭ᠎ᠠ ᠪᠣᠳᠣᠯᠭ᠎ᠠ  ᠰᠥᠪᠡᠭᠴᠢᠯᠡᠨ᠂  ᠪᠤᠲᠠᠲᠠᠢ ᠰᠠᠨᠠᠯ ᠰᠠᠨᠠᠭᠤᠯᠭ᠎ᠠ ᠳᠤᠷᠠᠳᠴᠤ  ᠂ ᠳᠦᠰᠦᠪ ᠲᠥᠯᠦᠪᠯᠡᠭᠡ ᠶᠢ ᠰᠣᠳᠣᠯᠣᠨ ᠶᠠᠷᠢᠯᠴᠠᠪᠠ  ᠃    ᠪᠥᠬᠦ ᠲᠥᠯᠥᠭᠡᠯᠡᠭᠴᠢᠳ ᠨᠢ ᠢᠯᠡᠳᠬᠡᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ ᠲᠤᠤᠱᠯᠠᠭᠤᠯᠵᠤ᠂  ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂   ︽ᠠᠷᠠᠳ ᠲᠦᠮᠡᠨ ᠤ ᠣᠷᠣᠯᠠᠨ ᠥᠭᠦᠯᠡᠭᠴᠢ  ︾ ᠪᠠ ᠤᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠵᠠᠮ ᠢ ᠲᠠᠰᠤᠷᠠᠯᠲᠠ ᠦᠭᠡᠢ  ᠥᠷᠭᠡᠳᠬᠡᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ  ᠪᠠᠳᠠᠷᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号