ᠪᠠᠷᠠᠭᠤᠨ ᠦᠵᠦᠮᠦᠴᠢᠨ ᠬᠤᠰᠢᠭᠤᠨ ᠤ ᠠᠷᠪᠠᠨ  ᠵᠢᠷᠭᠤᠳᠤᠭᠠᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ  ᠤᠳᠠᠭᠠᠨ ᠤ ᠬᠤᠷᠠᠯᠳᠤᠭᠠᠨ ᠤ  ᠬᠤᠶᠠᠳᠤᠭᠠᠷ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/20
                   1 ᠰᠠᠷ᠎ᠠ ᠶᠢᠨ 26 ᠤ ᠡᠳᠦᠷ ᠤᠨ ᠦᠳᠡ ᠶᠢᠨ  ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠲᠦᠷᠪᠡᠳᠦᠭᠡᠷ  ᠤᠳᠠᠭᠠᠨ  ᠤ ᠬᠤᠷᠠᠯᠳᠤᠭᠠᠨ ᠤ ᠬᠤᠶᠠᠳᠤᠭᠠᠷ ᠪᠦᠬᠦᠳᠠ ᠬᠤᠷᠠᠯ ᠬᠤᠷᠠᠯᠳᠤᠪᠠ᠃    ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠮᠦᠩᠬᠦᠨᠱᠠ᠂  ᠪᠤᠯᠤᠳ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ  ᠂  ᠬᠤᠶᠠᠳᠤᠭᠠᠷ ᠪᠦᠬᠦᠳᠠ ᠬᠤᠷᠠᠯ ᠤᠨ ᠬᠦᠢᠴᠡᠳᠭᠡᠭᠴᠢ ᠳᠡᠷᠢᠬᠦᠯᠡᠭᠴᠢ  ᠳᠠᠶᠢᠫᠢᠩ  ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ  ᠯᠢᠤ ᠴᠢᠩ  ᠂ ᠡᠷᠳᠡᠨᠢᠰᠦ᠋ᠷᠦᠭ᠂  ᠯᠤ᠋ ᠵᠧᠨ ᠰᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠵᠠᠢ᠃ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂  ᠬᠤᠨᠶ᠋ᠳᠤᠭᠠᠷ ᠪᠦᠬᠦᠳᠠ ᠬᠤᠷᠠᠯ  ᠤᠨ ᠬᠦᠢᠴᠡᠳᠭᠡᠭᠴᠢ ᠳᠡᠷᠢᠬᠦᠯᠡᠭᠴᠢ ᠳᠠᠶᠢᠫᠢᠩ ᠬᠤᠷᠠᠯ ᠡᠷᠬᠢᠯᠡᠪᠡ᠃     ᠪᠠᠷᠠᠭᠤᠨ ᠦᠵᠦᠮᠦᠴᠢᠨ ᠬᠤᠰᠢᠭᠤᠨ ᠤ ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯᠳᠤᠭᠠᠨ ᠤ ᠲᠦᠯᠦᠭᠡᠯᠡᠭᠴᠢ 155 ᠬᠦᠮᠦᠨ᠂ ᠲᠤᠰ ᠤᠳᠠᠭᠠᠨ ᠤ ᠪᠦᠭᠦᠳᠡ ᠬᠤᠷᠠᠯ ᠳᠤ 142 ᠲᠦᠯᠦᠭᠡᠯᠡᠭᠴᠢ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠵᠠᠢ᠃      ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ  ᠪᠤᠯᠤᠳ ᠶᠡᠭᠡ ᠬᠤᠷᠠᠯ ᠳᠤ  ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠬᠢᠪᠡ᠃    ᠪᠤᠯᠤᠳ ᠮᠡᠳᠡᠬᠦᠯᠦᠯᠳᠠ ᠳᠡᠭᠡᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ  ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ ᠵᠣᠭᠰᠣᠴᠠ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠴᠢᠨᠠᠷ ᠰᠠᠶᠢᠲᠠᠢ ᠭᠦᠢᠴᠡᠳᠬᠡᠵᠦ᠂ ᠲᠥᠯᠥᠭᠡᠯᠡᠭᠴᠢ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠲᠥᠯᠥᠭᠡᠯᠡᠭᠴᠢ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠥᠨᠳᠥᠷ ᠲᠦᠪᠰᠢᠨ ᠢᠶᠠᠷ  ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠠᠵᠢᠯ ᠤᠨ ᠪᠠᠶᠢᠭᠤᠯᠭ᠎ᠠ ᠶᠢ  ᠪᠠᠶᠢᠭᠤᠯᠬᠤ   ᠶᠢ ᠪᠠᠷᠢᠮᠳᠠᠯᠠᠪᠠ᠃   ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ 8 ᠤᠳᠠᠭ᠎ᠠ᠂ ᠡᠷᠬᠢᠯᠡᠭᠴᠢᠳ ᠤᠨ ᠬᠤᠷᠠᠯᠳᠤᠭᠠᠨ ᠢ 16 ᠤᠳᠠᠭ᠎ᠠ ᠬᠤᠷᠠᠯᠳᠤᠭᠤᠯᠵᠤ᠂ 20 ᠵᠦᠢᠯ ᠤᠨ ᠲᠤᠰᠬᠠᠶ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ 35 ᠵᠦᠢᠯ ᠤᠨ ᠬᠢᠨᠠᠨ ᠵᠥᠪᠯᠡᠭᠰᠡᠨ ᠰᠠᠨᠠᠯ ᠢ ᠳᠤᠷᠠᠳᠴᠤ᠂ ᠰᠢᠶᠳᠪᠦᠷᠢ ᠲᠣᠭᠲᠠᠭᠠᠯ 9 ᠵᠦᠶᠯ ᠭᠠᠷᠭᠠᠵᠤ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ᠂  ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ 6 ᠵᠦᠶᠯ ᠢ ᠥᠷᠨᠢᠭᠦᠯᠵᠦ᠂ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠢ 45 ᠬᠥᠮᠦᠨ ᠤᠳᠠᠭ᠎ᠠ  ᠬᠠᠤᠯᠢ ᠶᠣᠰᠣᠭᠠᠷ ᠲᠣᠮᠢᠯᠠᠵᠤ ᠪᠠᠭᠤᠯᠭᠠᠵᠤ᠂ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ  ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ᠂ ᠠᠵᠢᠯ ᠤᠨ ᠪᠠᠶᠢᠴᠠᠭᠠᠨ ᠰᠤᠳᠤᠯᠤᠯᠲᠠ᠂  ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ  ᠵᠡᠷᠭᠡ ᠶᠢ 9  ᠤᠳᠠᠭ᠎ᠠ ᠥᠷᠨᠢᠭᠦᠯᠵᠦ᠂  ᠬᠦᠷᠰᠢ ᠵᠡᠷᠭᠡᠯᠳᠡᠭᠡ ᠬᠤᠰᠢᠭᠤ ᠰᠢᠶᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠲᠠᠢ 12 ᠤᠳᠠᠭ᠎ᠠ  ᠠᠵᠢᠯ   ᠤᠨ ᠲᠤᠷᠰᠢᠯᠭ᠎ᠠ ᠰᠣᠯᠢᠯᠴᠠᠨ ᠰᠤᠷᠤᠯᠴᠠᠵᠤ᠂ ᠪᠥᠬᠦ ᠵᠢᠯ ᠤᠨ ᠲᠣᠭᠲᠠᠭᠰᠠᠨ ᠬᠠᠷᠠᠯᠲᠠ ᠪᠠ ᠡᠯ᠎ᠡ ᠵᠦᠶᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠪᠡ  ᠬᠡᠵᠠᠢ᠃    ᠪᠤᠯᠤᠳ  ᠮᠡᠳᠡᠬᠦᠯᠦᠯᠳᠠ ᠳᠤ  ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠲᠦᠷᠪᠠᠨ ᠳᠠᠯ᠎ᠠ ᠪᠠᠷ ᠳ᠋ᠦᠩᠨᠠᠵᠠᠢ᠃  ᠨᠢᠭᠡ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠂  ᠵᠤᠭᠰᠤᠴᠠ ᠪᠠᠨ ᠳᠡᠭᠡᠰᠢᠯᠡᠬᠦᠯᠵᠤ᠂  ᠤᠯᠤᠰ ᠲᠦᠷᠦ ᠶᠢᠨ ᠴᠢᠭᠯᠡᠯ ᠢᠶᠠᠨ ᠪᠠᠳᠤᠳᠬᠠᠬᠤ ᠳᠠᠯ᠎ᠠ ᠪᠠᠷ ᠨᠡᠩ ᠡᠷᠡᠰ ᠪᠠᠳᠤ ᠰᠢᠭᠤᠷᠬᠠᠢ ᠠᠵᠢᠯᠯᠠᠪᠠ᠃ ᠬᠤᠶᠠᠷ᠂ ᠭᠤᠤᠯᠳᠠᠯᠭ᠎ᠠ ᠶᠢᠨ ᠲᠤᠭᠤᠷᠢᠨ ᠳᠤ ᠬᠠᠤᠯᠢ ᠶᠠᠤᠰᠤᠭᠠᠷ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠷᠢᠮᠳᠠᠯᠠᠵᠤ᠂  ᠬᠦᠭᠵᠢᠯᠳᠠ ᠶᠢᠨ ᠶᠡᠭᠡ ᠳᠠᠯ᠎ᠠ ᠳᠤ ᠦᠢᠯᠡᠴᠢᠯᠡᠬᠦ ᠳᠠᠯ᠎ᠠ ᠪᠠᠷ  ᠨᠡᠩ ᠵᠤᠷᠢᠭᠳᠠᠢ  ᠰᠠᠶᠢᠳᠤᠷ ᠠᠵᠢᠯᠯᠠᠪᠠ᠃  ᠭᠤᠷᠪᠠ᠂  ᠦᠢᠯᠡᠴᠢᠯᠡᠭᠡ  ᠪᠠᠨ ᠰᠢᠯᠢᠳᠡᠭᠵᠢᠬᠦᠯᠵᠤ᠂  ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠬᠤ ᠶᠢ ᠪᠠᠷᠢᠮᠳᠠᠯᠠᠵᠤ᠂  ᠲᠦᠯᠦᠭᠡᠯᠡᠭᠴᠢᠳ  ᠤᠨ ᠦᠢᠯᠡᠳᠦᠯ ᠢ  ᠪᠠᠳᠠᠷᠠᠭᠤᠯᠬᠤ ᠳᠠᠯ᠎ᠠ ᠪᠠᠷ ᠨᠡᠩ ᠪᠦᠳᠦᠮᠵᠢᠳᠠᠢ ᠪᠦᠬᠡᠳ ᠬᠦᠴᠦᠨ ᠲᠠᠢ ᠪᠤᠯᠪᠠ᠃  ᠲᠦᠷᠪᠡ᠂ ᠰᠠᠭᠤᠷᠢ ᠶᠢ ᠪᠠᠳᠤᠳᠬᠠᠨ  ᠦᠨᠳᠦᠰᠤ ᠶᠢ ᠪᠠᠬᠢᠵᠢᠬᠦᠯᠬᠦ᠂  ᠶᠠᠰᠤ ᠴᠢᠨᠠᠷ ᠢ  ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠪᠠᠷᠢᠮᠳᠠᠯᠠᠵᠤ᠂  ︽ᠲᠦᠷᠪᠡᠨ ᠪᠠᠶᠢᠭᠤᠯᠭ᠎ᠠ︾ ᠶᠢᠨ ᠪᠠᠶᠢᠭᠤᠯᠤᠯᠳᠠ ᠶᠢᠨ ᠳᠠᠯ᠎ᠠ ᠪᠠᠷ ᠨᠡᠩ ᠢᠯᠡᠬᠦᠦ ᠠᠮᠵᠢᠯᠳᠠ ᠭᠠᠷᠭᠠᠪᠠ᠃      ᠪᠤᠯᠤᠳ ᠮᠡᠳᠡᠬᠦᠯᠦᠯᠳᠠ ᠳᠡᠭᠡᠨ᠂ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ᠮᠥᠨᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠪᠠᠶᠢᠭᠤᠯᠤᠭᠳᠠᠭᠰᠠᠨ 70 ᠵᠢᠯ ᠤᠨ ᠤᠢ ᠵᠢᠴᠢ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠶᠢᠭᠤᠯᠤᠭᠳᠠᠭᠰᠠᠨ 45 ᠵᠢᠯ ᠤᠨ ᠤᠢ ᠪᠣᠯᠤᠨ᠎ᠠ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ   ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠰᠢ ᠶᠢᠨ ᠫᠢᠩ ᠤᠨ ᠬᠠᠤᠯᠢ ᠪᠠᠷ ᠦᠵᠡᠯ ᠰᠠᠨᠠᠭ᠎ᠠ᠂  ᠰᠢ ᠶᠢᠨ ᠫᠢᠩ ᠶᠡᠷᠦᠩᠬᠡᠶ ᠱᠦᠵᠢ   ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠵᠢᠴᠢ  ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠢᠮᠠᠭᠲᠠ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ  ᠲᠦᠪᠰᠢᠨ ᠳᠤ  ᠬᠦᠷᠬᠦ︾ ᠬᠠᠷᠠᠯᠲᠠ ᠶᠢ ᠲᠣᠭᠲᠠᠭᠠᠵᠤ᠂ ︽ᠳᠥᠷᠪᠡᠨ  ᠪᠠᠶᠢᠭᠤᠯᠭ᠎ᠠ︾ ᠶᠢᠨ ᠪᠥᠲᠥᠭᠡᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂  ᠬᠤᠰᠢᠭᠤ ᠨᠠᠮ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠦᠨᠳᠦᠰᠦᠨ  ᠬᠠᠤᠯᠢ ᠪᠤᠯᠤᠨ ᠬᠠᠤᠯᠢ  ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ  ᠬᠠᠤᠯᠢ ᠶᠣᠰᠣᠭᠠᠷ ᠭᠦᠶᠴᠡᠳᠬᠡᠵᠦ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠦᠶᠯᠡᠳᠦᠯᠭᠡᠵᠢᠭᠦᠯᠦᠨ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠪᠤᠯᠤᠨ᠎ᠡ ᠬᠡᠵᠠᠢ᠃    ᠪᠤᠯᠤᠳ ᠮᠡᠳᠡᠬᠦᠯᠦᠯᠳᠠ ᠳᠡᠭᠡᠨ 2024 ᠤᠨ ᠳᠤ  ᠲᠦᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠨ᠎ᠡ ᠬᠡᠵᠤ ᠲᠤᠷᠠᠳᠴᠠᠢ᠄  ᠨᠢᠩ᠊ ᠨᠢᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢᠨ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠨ᠎ᠡ᠂ ᠬᠤᠶᠠᠷ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ  ᠰᠤᠯᠠᠷᠠᠭᠤᠯᠬᠤ ᠦ‌ᠥᠬᠡᠶ ᠪᠠᠶᠢᠬᠤ ᠶᠢ ᠪᠠᠷᠢᠮᠲᠠᠯᠠᠵᠤ  ᠭᠤᠤᠯᠳᠠᠯᠭ᠎ᠠ ᠲᠠᠢ   ᠤᠶᠠᠯᠳᠤᠭᠤᠯᠤᠨ ᠶᠡᠭᠡ ᠳᠠᠯ᠎ᠠ   ᠳᠤ ᠦᠢᠯᠡᠴᠢᠯᠡᠬᠦ  ᠳᠠᠯ᠎ᠠ   ᠪᠠᠷ  ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ  ᠭᠠᠷᠭᠠᠨ᠎ᠠ᠃ ᠭᠤᠷᠪᠠ᠂ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠭᠤᠶᠢᠪᠠᠰᠢ ᠦᠬᠡᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠲᠠᠯ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠮᠢᠵᠢᠷᠠᠯ ᠤᠨ ᠬᠦᠴᠦᠨ ᠢ ᠢᠯᠡᠷᠡᠭᠦᠯᠦᠨ᠎ᠡ᠃  ᠲᠦᠷᠪᠡ᠂ ᠴᠢᠳᠠᠪᠤᠷᠢ ᠶᠢᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ  ᠰᠢᠨᠳᠠᠷᠠᠰᠢ ᠦᠬᠡᠢ ᠪᠠᠶᠢᠬᠤ   ᠶᠢ ᠪᠠᠷᠢᠮᠲᠠᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠪᠠᠶᠢᠭᠤᠯᠭ᠎ᠠ ᠶᠢᠨ ᠳᠦᠷᠢ ᠲᠦᠷᠬᠦ ᠪᠠᠨ ᠢᠯᠡᠷᠡᠬᠦᠯᠦᠨ᠎ᠡ᠃    ᠪᠤᠯᠤᠳ ᠵᠢᠭᠠᠬᠤ ᠳᠠᠭᠠᠨ᠂ ᠰᠢᠨ᠎ᠡ ᠭᠠᠷᠤᠭ᠎ᠠ ᠠᠴᠠ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠳᠠᠭᠠᠨ ᠪᠢᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠠᠷᠠᠳ ᠲᠦᠮᠡᠨ ᠳᠤ ᠦᠨᠡᠨᠴᠢ ᠪᠠᠷ ᠦᠢᠯᠡᠴᠢᠯᠡᠵᠦ᠂ ︽ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ ᠬᠠᠭᠤᠳᠠᠰᠤ ᠶᠢ ᠪᠢᠴᠢᠭᠯᠡᠬᠦ︾ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ  ᠬᠡᠵᠠᠢ᠃    ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠭᠦ ᠬᠤᠷᠢᠶᠠᠨ ᠤ  ᠬᠤᠷᠢᠶᠠᠨ  ᠲᠠᠷᠤᠭ᠎ᠠ  ᠯᠢ ᠹᠸᠢ  ᠶᠡᠭᠡ ᠬᠤᠷᠠᠯ ᠳᠤ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠳᠡ ᠬᠢᠵᠤ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ  ᠪᠠᠶᠢᠴᠠᠭᠠᠬᠤ ᠳᠠᠷᠤᠭ᠎ᠠ  ᠲᠢᠶᠠᠨᠱᠠᠨ ᠶᠡᠭᠡ ᠬᠤᠷᠠᠯ ᠳᠤ ᠪᠠᠷᠠᠭᠤᠨ ᠦᠵᠦᠮᠦᠴᠢᠨ ᠬᠤᠰᠢᠭᠤᠨ ᠤ ᠠᠷᠠᠳ   ᠤᠨ  ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠬᠢᠪᠡ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号