ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ  ᠬᠤᠷᠠᠯᠳᠣᠭᠠᠨ ᠠᠮᠵᠢᠯᠳᠠᠳᠠᠢ ᠦᠨᠳᠣᠷᠯᠠᠯ᠎ᠠ
ᠨᠡᠶᠢᠲᠡᠯᠡᠭᠰᠡᠨ ᠴᠠᠭ᠄
2024/2/20
                           1 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠣᠭᠠᠨ ᠡᠯ᠎ᠡ ᠵᠥᠪᠯᠡᠬᠦ ᠵᠦᠢᠯ ᠢᠶᠠᠨ ᠳᠠᠭᠤᠰᠬᠠᠵᠤ  ᠲᠡᠭᠦᠰ ᠠᠮᠵᠢᠯᠳᠠᠳᠠᠢ ᠦᠨᠳᠣᠷᠯᠠᠪᠠ᠃     ᠬᠤᠰᠢᠭᠤ ᠨᠠᠮ ᠤᠨ ᠬᠤᠷᠢᠶᠠᠨ ᠤ ᠱᠦᠵᠢ ᠮᠦᠩᠭᠦᠨᠱᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠡᠷᠬᠢᠯᠡᠭᠴᠢ ᠪᠤᠯᠤᠳ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ᠂  ᠬᠤᠰᠢᠭᠤ ᠳᠡᠳ᠋ ᠳᠠᠷᠤᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠭᠤᠣᠯ ᠤᠳᠤᠷᠢᠳᠤᠯᠭ᠎ᠠ ᠵᠢᠴᠢ ᠮᠠᠨ ᠤ ᠬᠤᠰᠢᠭᠤᠨ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ  ᠤ ᠭᠡᠰᠢᠭᠦᠳ ᠤᠷᠢᠯᠭ᠎ᠠ ᠪᠠᠷ ᠬᠤᠷᠠᠯ ᠳᠤ ᠣᠷᠣᠯᠴᠠᠵᠠᠢ᠃ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶᠠᠨ ᠤ ᠲᠡᠷᠢᠭᠦᠯᠡᠭᠴᠢ ᠪᠠᠭᠠᠨ᠎ᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠰᠠᠷᠠᠨᠲᠤᠶᠠᠭ᠎ᠠ᠂ ᠶᠣᠣ ᠬᠠᠢ ᠮᠢᠩ᠂  ᠤᠳᠬᠠᠨᠪᠠᠭᠠᠳᠣᠷ᠂ ᠶᠠᠩ ᠳ᠋ᠦᠩ ᠹᠧᠩ᠂ ᠨᠠᠷᠢᠨ ᠪᠢᠴᠢᠭ ᠤᠨ ᠳᠠᠷᠤᠭ᠎ᠠ  ᠤᠳᠭᠠᠨᠳᠦ᠋ᠭᠦᠷᠡᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠬᠤᠷᠠᠯ ᠠᠴᠠ 2023 ᠣᠨ ᠤ ᠰᠢᠯᠢᠳᠡᠭ ᠰᠠᠨᠠᠯ ᠳᠤᠷᠠᠳᠤᠯᠭ᠎ᠠ ᠶᠢ  ᠱᠠᠩᠨᠠᠨ ᠭᠦᠬᠢᠬᠦᠯᠵᠦ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯᠳᠣᠭᠠᠨ ᠤ ᠠᠷᠪᠠᠨ ᠭᠤᠷᠪᠠᠳᠣᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠠᠳᠠᠬᠦᠯᠤᠯᠳᠠ ᠶᠢᠨ ᠲᠤᠬᠠᠢ ᠰᠢᠢᠳᠪᠤᠷᠢ  ᠂ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠪᠠ ᠤᠯᠤᠰ ᠲᠥᠷᠥ ᠶᠢᠨ ᠵᠥᠪᠯᠡᠯᠭᠡᠨ ᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ   ᠶᠢ ᠬᠢᠨᠠᠨ ᠵᠦᠪᠯᠠᠵᠦ ᠪᠠᠳᠣᠯᠠᠪᠠ᠃     ᠪᠠᠭᠠᠨ᠎ᠠ  ᠶᠠᠷᠢᠶᠠᠨ  ᠳᠠᠭᠠᠨ᠂ ᠬᠤᠷᠠᠯ ᠤᠨ ᠬᠤᠭᠤᠴᠠᠭᠠᠨ ᠳᠤ᠂ ᠭᠡᠰᠢᠭᠦᠳ ᠨᠢ  ᠤᠯᠤᠰ ᠲᠥᠷᠥ ᠶᠢᠨ  ᠬᠠᠷᠢᠭᠤᠴᠠᠯᠭᠠᠳᠣ ᠰᠡᠳᠬᠢᠯᠭᠡ᠂ ᠵᠠᠰᠠᠭ ᠲᠤ ᠣᠷᠣᠯᠴᠠᠬᠤ ᠬᠠᠷᠢᠭᠤᠴᠠᠯᠭᠠᠲᠤ ᠤᠬᠠᠮᠰᠠᠷ ᠢᠶᠠᠷ ᠡᠯ᠎ᠡ ᠵᠦᠢᠯ ᠤᠨ  ᠮᠠᠳᠠᠬᠦᠯᠤᠯᠳᠠ ᠶᠢ  ᠨᠠᠷᠢᠨ ᠬᠢᠨᠠᠮᠠᠭᠠᠢ ᠬᠢᠨᠠᠨ  ᠵᠦᠪᠯᠠᠵᠦ᠂ ᠪᠥᠬᠦ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢᠨ  ᠴᠢᠬᠤᠯᠠ ᠶᠡᠭᠡ ᠶᠠᠪᠤᠳᠠᠯ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ  ᠂ ᠬᠦᠴᠢᠷ ᠠᠰᠠᠭᠤᠳᠠᠯ ᠵᠢᠴᠢ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ  ᠦᠷᠨᠢᠬᠦᠯᠬᠦ ᠵᠡᠷᠬᠡ ᠲᠣᠭᠤᠷᠢᠨ ᠳᠤ᠂ ᠣᠶᠤᠨ ᠤᠬᠠᠭᠠᠨ  ᠢᠶᠠᠨ ᠲᠥᠪᠯᠡᠷᠡᠭᠦᠯᠵᠦ᠂ ᠮᠠᠰᠢ ᠣᠯᠠᠨ ᠦᠨ᠎ᠡ ᠥᠷᠲᠡᠭ ᠲᠠᠢ᠂ ᠬᠡᠷᠡᠭᠵᠢᠭᠦᠯᠵᠦ ᠪᠣᠯᠬᠤᠶᠢᠴᠠ ᠰᠠᠨᠠᠯ  ᠲᠤᠷᠠᠳᠣᠯᠭ᠎ᠠ ᠳᠤᠷᠠᠳᠴᠤ᠂  ᠡᠭᠦᠷᠭᠡ ᠬᠠᠷᠢᠭᠤᠴᠠᠯᠭ᠎ᠠ ᠪᠠᠨ  ᠰᠠᠶᠢᠳᠣᠷ  ᠭᠦᠢᠴᠠᠳᠬᠡᠵᠦ᠂  ᠤᠯᠤᠰ ᠲᠦᠷᠦ ᠶᠢᠨ ᠭᠡᠰᠢᠭᠦᠳ ᠤᠨ ᠦᠢᠯᠠᠳᠣᠯ ᠴᠢᠳᠠᠪᠬᠢ ᠪᠠᠨ ᠬᠦᠢᠴᠠᠳ ᠪᠠᠳᠠᠷᠠᠭᠤᠯᠤᠭᠰᠠᠨ ᠪᠠᠶᠢᠨ᠎ᠠ᠃  ᠶᠡᠭᠡ ᠬᠤᠷᠠᠯ ᠨᠢ ᠪᠣᠳᠠᠲᠠᠢ ᠶᠢ ᠡᠷᠬᠢᠮᠯᠡᠭᠰᠡᠨ᠂ ᠲᠤᠭ ᠢᠶᠠᠨ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠦᠭᠰᠡᠨ᠂ ᠠᠷᠠᠳᠴᠢᠯᠠᠯ ᠢ ᠡᠷᠬᠢᠮᠯᠡᠵᠦ ᠪᠣᠳᠠᠲᠠᠢ ᠶᠢ  ᠪᠠᠷᠢᠮᠲᠠᠯᠠᠭᠰᠠᠨ ᠥᠨᠳᠥᠷ ᠪᠦᠲᠦᠮᠵᠢᠲᠡᠢ  ᠶᠡᠭᠡ ᠬᠤᠷᠠᠯ ᠪᠤᠯᠵᠡᠢ  ᠬᠡᠵᠡᠢ᠃     ᠪᠠᠭᠠᠨ᠎ᠠ ᠴᠢᠬᠤᠯᠠᠴᠢᠯᠠᠬᠤ ᠳᠠᠭᠠᠨ᠂ ᠰᠢᠨ᠎ᠡ ᠨᠢᠭᠡᠨ ᠵᠢᠯ ᠳᠤ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂  ᠬᠤᠰᠢᠭᠤ ᠨᠠᠮ ᠤᠨ  ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠬᠤᠰᠢᠭᠤ ᠨᠠᠮ ᠤᠨ  ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠭᠦᠷᠭᠡ ᠴᠢᠳᠠᠪᠤᠷᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢᠨ᠎ᠡ ᠶᠢ ᠡᠭᠦᠳᠬᠦ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠤ ᠰᠢᠨ᠎ᠡ ᠦᠢᠯᠡᠳᠦᠯᠭᠡ ᠳᠤ ᠪᠦᠭᠦᠳᠡ ᠣᠯᠠᠨ ᠤ ᠣᠶᠤᠨ ᠤᠬᠠᠭᠠᠨ ᠢ  ᠲᠥᠪᠯᠡᠷᠡᠭᠦᠯᠵᠦ᠂ ᠬᠦᠴᠦᠨ ᠴᠢᠳᠠᠯ ᠢ ᠨᠢᠭᠳᠠᠷᠠᠭᠤᠯᠬᠤ ᠬᠡᠷᠡᠭᠳᠠᠢ ᠬᠡᠵᠡᠢ᠃     ᠶᠡᠭᠡ ᠬᠤᠷᠠᠯ   ᠨᠢ ᠰᠦᠷ ᠵᠢᠪᠬᠤᠯᠠᠩᠲᠤ ᠤᠯᠤᠰ ᠤᠨ ᠰᠦᠯᠳᠡ  ᠲᠠᠭᠤᠨ ᠤ ᠳᠤᠮᠳᠠ ᠦᠨᠳᠣᠷᠯᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号