ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2024/2/20
          1 ᠰᠠᠷ᠎ᠠ ᠶᠢᠨ 26 ᠡᠳᠦᠷ ᠤᠨ ᠦᠳᠡ ᠶᠢᠨ ᠡᠮᠦᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠨᠢ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠤ  ᠬᠦᠰᠡᠯ ᠵᠦᠩᠨᠡᠯ ᠤᠨ ᠲᠤᠤᠷ᠎ᠠ ᠦᠪᠡᠳᠡᠭᠰᠢ ᠶᠡᠬᠡᠪᠡᠷ   ᠡᠬᠢᠯᠡᠪᠡ᠃     ᠮᠦᠩᠭᠦᠨᠱᠠ ᠬᠤᠷᠠᠯ ᠳᠤ ᠤᠷᠤᠯᠴᠠᠵᠤ᠂ ᠶᠤᠤ ᠬᠤᠩ ᠭᠠᠩ ᠢᠯᠡᠳᠬᠡᠯ ᠬᠢᠵᠤ᠂ ᠪᠤᠯᠤᠳ ᠬᠤᠷᠠᠯ ᠡᠷᠬᠢᠯᠡᠪᠡ  ᠃᠂     ᠦᠳᠡ ᠶᠢᠨ ᠡᠮᠦᠨᠡᠭᠢ 9᠄ 00 ᠴᠠᠭ ᠲᠤ᠂ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠠᠩᠬᠠᠳᠤᠭᠠᠷ ᠪᠦᠭᠦᠳᠠ ᠬᠤᠷᠠᠯ ᠬᠤᠷᠠᠯᠳᠤᠵᠤ᠂  ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠠᠩᠬᠠᠳᠣᠭᠠᠷ ᠪᠦᠭᠦᠳᠡ ᠬᠤᠷᠠᠯ ᠤᠨ ᠭᠦᠢᠴᠡᠳᠭᠡᠭᠴᠢ ᠲᠠᠷᠢᠭᠦᠯᠡᠭᠴᠢ ᠮᠦᠩᠬᠦᠨᠱᠠ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠶᠤᠤ ᠬᠤᠩ ᠭᠠᠩ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠠᠩᠬᠠᠳᠣᠭᠠᠷ ᠪᠦᠭᠦᠳᠡ ᠬᠤᠷᠠᠯ ᠤᠨ ᠭᠦᠢᠴᠡᠳᠭᠡᠭᠴᠢ ᠲᠠᠷᠢᠭᠦᠯᠡᠭᠴᠢ ᠪᠤᠯᠤᠳ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠪᠠᠭᠠᠨ᠎ᠠ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠲᠠᠶᠢᠫᠢᠡᠭ᠂ ᠯᠢᠤ ᠴᠢᠩ᠂ ᠡᠷᠳᠡᠨᠢᠰᠦ᠋ᠷᠦᠭ᠂ ᠯᠤ᠋ ᠵᠧᠨ ᠰᠢᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ  ᠰᠠᠭᠤᠵᠠᠢ᠃     ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠳᠤ ᠤᠷᠤᠯᠴᠠᠬᠤ ᠶᠤᠰᠤᠳᠠᠢ ᠲᠦᠯᠦᠭᠡᠯᠡᠭᠴᠢ 155 ᠬᠦᠮᠦᠨ ᠪᠤᠢ᠃ 11 ᠬᠦᠮᠦᠨ ᠴᠢᠯᠦᠭᠡ ᠬᠡᠯᠡᠵᠤ᠂ ᠲᠤᠰ ᠤᠳᠠᠭᠠᠨ ᠤ ᠪᠦᠭᠦᠳᠡ ᠬᠤᠷᠠᠯ ᠳᠤ 144 ᠲᠦᠯᠦᠭᠡᠯᠡᠭᠴᠢ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃     ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠠᠩᠬᠠᠳᠤᠭᠠᠷ ᠪᠦᠬᠦᠳᠠ ᠬᠤᠷᠠᠯ ᠤᠨ ᠬᠦᠢᠴᠡᠳᠭᠡᠭᠴᠢ ᠲᠡᠷᠢᠭᠦᠯᠡᠭᠴᠢ ᠪᠤᠯᠤᠳ ᠬᠤᠷᠠᠯ ᠡᠷᠬᠢᠯᠡᠬᠦ ᠶᠢᠨ ᠬᠠᠮᠳᠤ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ ᠬᠤᠷᠠᠯ ᠡᠭᠢᠯᠡᠭᠰᠡᠨ ᠢ  ᠵᠠᠷᠯᠠᠪᠠ᠃ ᠲᠠᠯᠠᠪᠠᠢ ᠲᠠᠶᠠᠭᠠᠷ ᠢᠶᠠᠨ ᠪᠤᠰᠴᠤ ᠵᠤᠬᠰᠤᠨ᠂ ᠤᠯᠤᠰ ᠤᠨ ᠰᠦᠯᠳᠡ ᠲᠠᠭᠤᠤ ᠶᠢ  ᠳᠠᠭᠤᠯᠠᠪᠠ᠃     ᠪᠠᠷᠠᠭᠤᠨ ᠦᠵᠦᠮᠦᠴᠢᠨ ᠬᠤᠰᠢᠭᠤᠨ ᠤ  ᠵᠠᠰᠠᠭ ᠤᠨ ᠤᠷᠳᠤᠨ ᠤ ᠳᠠᠷᠤᠭ᠎ᠠ ᠶᠤᠤ ᠬᠤᠩ ᠭᠠᠩ ᠪᠠᠷᠠᠭᠤᠨ ᠦᠵᠦᠮᠦᠴᠢᠨ ᠬᠤᠰᠢᠭᠤᠨ ᠤ ᠵᠠᠰᠠᠬ ᠤᠨ ᠤᠷᠳᠤᠨ ᠢ ᠲᠦᠯᠦᠭᠡᠯᠡᠵᠦ᠂ ᠶᠡᠭᠡ ᠬᠤᠷᠠᠯ ᠳᠤ ᠢᠯᠡᠳᠭᠡᠯ ᠬᠢᠪᠠ᠃      ᠢᠯᠡᠳᠭᠡᠯ ᠨᠢ ᠭᠤᠷᠪᠠᠨ ᠪᠦᠯᠦᠭ ᠢᠶᠠᠷ ᠪᠦᠷᠢᠯᠳᠦᠵᠠᠢ᠃    ᠨᠢᠭᠡ᠂ 2023 ᠤᠨ ᠤ ᠠᠵᠢᠯ ᠤᠨ ᠡᠷᠭᠢᠴᠡᠭᠦᠯᠦᠯ᠃    ᠬᠤᠶᠠᠷ᠂ 2024 ᠤᠨ ᠤ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ᠃    ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷᠴᠢᠩᠭᠠᠳᠬᠠᠬᠤ ᠵᠡᠷᠭᠡ ᠪᠤᠯᠤᠨ᠎ᠠ᠃     ᠶᠤᠤ ᠬᠤᠩ ᠭᠠᠩ ᠢᠯᠡᠳᠭᠡᠯ ᠳᠡᠭᠡᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ  ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠠᠳᠬᠤᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠦᠯᠬᠦᠮᠳᠡᠯ ᠢ ᠴᠢᠩᠭᠠᠳᠬᠠᠬᠤ᠂ ᠠᠮᠤᠷ ᠲᠦᠪᠰᠢᠨ ᠢ ᠪᠠᠲᠤᠯᠠᠬᠤ ᠶᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ᠂ ᠭᠤᠣᠯᠳᠠᠯᠭ᠎ᠠ ᠲᠠᠢ ᠠᠵᠢᠯ ᠤᠨ ᠶᠡᠷᠤᠩᠬᠡᠶᠢᠯᠡᠭᠰᠡᠨ ᠵᠢᠭᠰᠠᠭᠠᠯᠳᠠ ᠳᠤ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠤᠷᠤᠪᠠ ᠬᠡᠵᠠᠢ᠃      ᠶᠤᠤ ᠬᠤᠩ ᠭᠠᠩ ᠢᠯᠡᠳᠭᠡᠯ ᠳᠡᠭᠡᠨ ᠦᠩᠭᠡᠷᠡᠭᠰᠡᠨ ᠨᠢᠭᠡ ᠵᠢᠯ ᠤᠨ ᠠᠵᠢᠯ ᠢᠶᠠᠨ 8 ᠳᠠᠯ᠎ᠠ ᠪᠠᠷ ᠬᠤᠷᠢᠶᠠᠩᠭᠤᠶᠢᠯᠠᠨ ᠳ᠋ᠦᠩᠨᠡᠵᠠᠢ᠃ ᠨᠢᠭᠡ᠂ ᠠᠵᠤ ᠠᠬᠤᠢ ᠶᠢᠨ ᠠᠵᠢᠯᠯᠠᠭᠠᠨ ᠶᠡᠷᠤᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠪᠠ᠃ ᠬᠤᠶᠠᠷ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠪᠠ᠃ ᠭᠤᠷᠪᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠪᠠ᠃ ᠳᠥᠷᠪᠡ᠂ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠲᠠᠪᠤ᠂ ᠬᠥᠳᠡᠭᠡ ᠲᠤᠰᠬᠤᠨ ᠮᠠᠯᠵᠢᠬᠤ ᠣᠷᠣᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃  ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠬᠦᠯᠪᠡ᠃ ᠳᠣᠯᠤᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠨᠠᠢᠮᠠ᠂ ᠬᠦᠨᠳᠦ ᠶᠡᠭᠡ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠰᠡᠷᠭᠡᠶᠢᠯᠡᠪᠡ᠃     ᠶᠤᠤ ᠬᠤᠩ ᠭᠠᠩ 2024 ᠤᠨ ᠤ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠣᠣᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠤᠱᠯᠠᠭᠤᠯᠵᠤ᠂ ᠰᠢᠨ᠎ᠡ ᠠᠷᠭ᠎ᠠ ᠵᠠᠮ ᠢ ᠰᠦᠪᠡᠭᠴᠢᠯᠡᠨ᠂ ᠲᠡᠮᠡᠴᠡᠯ ᠤᠨ ᠬᠠᠷᠠᠯᠲᠠ ᠪᠠᠨ ᠲᠣᠭᠲᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠳᠠᠯᠠᠨ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠨ᠂ ᠵᠢᠷᠭᠤᠭᠠᠨ ᠢᠨᠵᠧᠨᠧᠷᠢᠩ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠬᠦᠷᠢᠶ᠎ᠡ ᠴᠠᠷᠠᠭᠠᠨ ᠤ ᠠᠵᠢᠯ ᠤᠨ ᠳᠠᠪᠰᠢᠯᠲᠠ ᠶᠢ ᠠᠬᠢᠭᠤᠯᠤᠨ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠠᠢ ᠭᠡᠪᠡ᠃     ᠶᠤᠤ ᠬᠤᠩ ᠭᠠᠩ ᠠᠵᠢᠯ ᠤᠨ ᠢᠯᠡᠳᠭᠡᠯ ᠳᠡᠭᠡᠨ 2024 ᠤᠨ ᠤ ᠠᠵᠤ ᠠᠬᠤᠢ ᠨᠡᠶᠢᠭᠡᠮ ᠤᠨ ᠭᠤᠤᠯ ᠵᠢᠱᠢᠭᠰᠡᠨ ᠬᠠᠷᠠᠯᠳᠠ ᠶᠢ ᠲᠤᠷᠠᠳᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ   ᠨᠡᠮᠡᠭᠳᠡᠭᠦᠯᠦᠨ᠎ᠡ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 20% ᠤᠷᠴᠢᠮ ᠨᠡᠮᠡᠭᠳᠡᠬᠦᠯᠦᠨ᠎ᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 4.7% ᠪᠠᠷ ᠨᠡᠮᠡᠭᠳᠡᠭᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ  ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6.6% ᠪᠠᠷ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠣᠷ ᠪᠤᠯᠭᠠᠨ᠎ᠠ᠃ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠡ᠃    ᠶᠤᠤ ᠬᠤᠩ ᠭᠠᠩ ᠢᠯᠡᠳᠭᠡᠯ ᠳᠡᠭᠡᠨ 2024 ᠤᠨ ᠳᠤ 7 ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠨ᠎ᠡ ᠬᠡᠵᠤ ᠲᠤᠷᠠᠳᠪᠠ᠄ ᠨᠢᠭᠡ᠂ ᠳᠦᠷᠦᠯ ᠵᠦᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠠᠳᠬᠤᠵᠤ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ  ᠠᠬᠢᠭᠤᠯᠤᠨ᠎ᠠ᠃ ᠬᠤᠶᠠᠷ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢ ᠡᠷᠡᠰ ᠭᠤᠶᠢᠪᠢᠰᠢ ᠦᠭᠡᠢ ᠠᠳᠬᠤᠵᠤ᠂ ᠤᠳᠤᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠭᠤᠷᠪᠠ᠂ ᠣᠷᠴᠢᠨ ᠳᠤᠭᠤᠷᠢᠨ ᠤ ᠬᠠᠮᠠᠭᠠᠯᠠᠯᠲᠠ ᠶᠢ ᠡᠷᠡᠰ ᠭᠤᠶᠢᠪᠢᠰᠢ ᠦᠭᠡᠢ ᠪᠠᠷ ᠠᠳᠬᠤᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠳᠥᠷᠪᠡ᠂ ᠥᠭᠡᠷᠡᠴᠢᠯᠡᠯᠲᠡ ᠶᠢ ᠭᠤᠶᠢᠪᠢᠰᠢ ᠦᠭᠡᠢ ᠠᠳᠬᠤᠨ ᠰᠢᠨ᠎ᠡ ᠶᠢ ᠡᠭᠦᠳᠬᠦ ᠶᠢ ᠡᠷᠢᠯᠬᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠥᠳᠡᠯᠭᠡᠬᠦ ᠬᠦᠴᠦᠨ ᠢ ᠲᠠᠶᠢᠴᠢᠯᠠᠨ᠎ᠠ᠃ ᠲᠠᠪᠤ᠂ ᠰᠠᠭᠤᠷᠢ ᠶᠢ ᠪᠠᠲᠤᠳᠬᠠᠵᠤ ᠲᠤᠲᠠᠭᠳᠠᠯ ᠢ ᠨᠥᠬᠦᠪᠦᠷᠢᠯᠡᠬᠦ ᠶᠢ ᠡᠷᠡᠰ ᠭᠤᠶᠢᠪᠢᠰᠢ ᠦᠭᠡᠢ ᠠᠳᠬᠤᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ  ᠃ ᠵᠢᠷᠭᠤᠭ᠎ᠠ᠂ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠲᠥᠷᠥᠭᠳᠡᠯ ᠢ ᠨᠡᠮᠡᠭᠳᠡᠬᠦᠯᠬᠦ ᠶᠢ ᠡᠷᠡᠰ ᠭᠤᠶᠢᠪᠢᠰᠢ ᠦᠭᠡᠢ ᠪᠠᠷᠢᠮᠳᠠᠯᠠᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠳᠣᠯᠤᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠠᠮᠤᠷ ᠲᠣᠭᠲᠠᠭᠤᠨ ᠬᠠᠯᠬᠠᠪᠴᠢ ᠶᠢ ᠪᠠᠲᠤ ᠴᠣᠭᠴᠠᠯᠠᠨ᠎ᠠ᠃    ᠶᠤᠤ ᠬᠤᠩ ᠭᠠᠩ ᠢᠯᠡᠳᠭᠡᠯ ᠳᠡᠭᠡᠨ᠂ ᠥᠨᠤ ᠵᠢᠯ ᠪᠠᠷᠠᠭᠤᠨ ᠦᠵᠦᠮᠦᠴᠢᠨ ᠬᠤᠰᠢᠭᠤ ᠨᠢ ᠶᠡᠭᠡ ᠬᠤᠷᠠᠯ ᠤᠨ ᠪᠢᠯᠧᠲ ᠥᠭᠭᠦᠯᠲᠡ ᠪᠠᠷ ᠲᠤᠭᠲᠠᠭᠠᠭᠰᠠᠨ 4 ᠵᠦᠢᠯ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠰᠠᠭᠤᠷᠢᠨ ᠳᠡᠭᠡᠷ᠎ᠡ᠂ ᠠᠷᠠᠳ ᠲᠤ ᠠᠰᠢᠭ ᠬᠦᠷᠲᠡᠭᠡᠬᠦ 6 ᠵᠦᠢᠯ ᠤᠨ ᠪᠤᠳᠠᠳᠤ ᠶᠠᠪᠤᠳᠠᠯ ᠢ ᠰᠠᠶᠢᠳᠤᠷ ᠬᠢᠨ᠎ᠡ ᠬᠡᠵᠤ ᠲᠤᠷᠠᠳᠪᠠ᠄   ★ᠨᠢᠭᠡ᠂ ᠪᠠᠯᠭᠠᠷᠭᠤᠣᠯ ᠪᠠᠯᠭᠠᠰᠤᠨ ᠤ ᠬᠤᠲᠠ ᠶᠢᠨ ᠨᠡᠶᠢᠲᠡ ᠶᠢᠨ ᠮᠠᠰᠢᠨ ᠢ ᠰᠦᠢᠳᠬᠡᠯ ᠬᠤᠷᠢᠶᠠᠬᠤ ᠦᠭᠡᠢ   ᠪᠤᠯᠭᠠᠨ᠎ᠠ  ᠃   ★ᠬᠤᠶᠠᠷ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠲᠦᠭᠡᠨ ᠪᠠᠶᠢᠭᠤᠯᠤᠨ᠎ᠠ᠄ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠳᠦᠬᠦᠭᠡᠷᠦᠮᠵᠢ ᠶᠢ ᠨᠥᠬᠦᠪᠦᠷᠢᠯᠡᠵᠦ᠂ ᠠᠷᠠᠳ ᠣᠯᠠᠨ ᠤ ᠡᠳᠦᠷ ᠢᠷᠡᠬᠦᠶ᠎ᠡ ᠱᠠᠭᠠᠷᠳᠠᠭᠳᠠᠵᠤ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃   ★ᠭᠤᠷᠪᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠨ ᠨᠤᠲᠤᠭ ᠤᠨ ᠨᠥᠬᠦᠪᠦᠷᠢ ᠶᠢ ᠬᠥᠮᠥᠨ ᠪᠦᠷᠢ ᠰᠠᠷ᠎ᠠ ᠪᠤᠯᠭᠠᠨ ᠳᠤ 222 ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢ ᠳᠡᠭᠡᠭᠰᠢᠯᠡᠭᠦᠯᠦᠨ᠎ᠡ᠃   ★ᠲᠦᠷᠪᠡ᠂ ᠠᠰᠠᠷᠠᠨ ᠬᠠᠷᠠᠭᠠᠯᠵᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠨᠥᠬᠦᠪᠦᠷᠢ ᠶᠢ ᠳᠡᠭᠡᠭᠰᠢᠯᠡᠬᠦᠯᠦᠨ᠎ᠡ᠄ ᠦᠨᠳᠦᠰᠦᠨ ᠠᠮᠢᠳᠤᠷᠠᠯ ᠤᠨ ᠨᠥᠬᠦᠪᠦᠷᠢ ᠣᠯᠭᠤᠭᠰᠠᠨ ᠰᠠᠭᠤᠷᠢᠨ ᠳᠡᠭᠡᠷ᠎ᠡ ᠬᠥᠮᠥᠨ ᠪᠦᠷᠢ ᠳᠤ ᠵᠢᠯ ᠪᠤᠯᠭᠠᠨ ᠳᠤ ᠳᠠᠬᠢᠨ 6000 ᠲᠥᠭᠦᠷᠢᠭ ᠤᠨ ᠨᠡᠮᠡᠯᠲᠡ ᠨᠥᠬᠦᠪᠦᠷᠢ ᠥᠭᠴᠦ᠂ ᠠᠰᠠᠷᠠᠨ ᠬᠠᠷᠠᠭᠠᠯᠵᠠᠵᠤ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃   ★ᠲᠠᠪᠤ᠂ ᠵᠡᠮᠳᠡᠭᠴᠦᠳ ᠢ ᠬᠠᠶᠢᠷᠠᠯᠠᠨ ᠬᠠᠯᠠᠮᠵᠢᠯᠠᠨ᠎ᠠ᠄ 330 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠬᠤᠰᠢᠭᠤᠨ ᠤ ᠵᠡᠮᠳᠡᠭᠴᠦᠳ ᠲᠤ ᠡᠷᠡᠭᠦᠯᠵᠢᠭᠦᠯᠬᠦ ᠡᠮᠴᠢᠯᠡᠭᠡ᠂ ᠭᠡᠷ ᠲᠡᠭᠡᠨ ᠨᠠᠶᠢᠳᠠᠨ ᠠᠰᠠᠷᠠᠭᠤᠯᠬᠤ᠂ ᠰᠤᠷᠭᠠᠨ ᠬᠥᠮᠦᠵᠢᠯ  ᠢᠶᠠᠷ ᠲᠤᠰᠠᠯᠠᠬᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡ ᠬᠠᠩᠭᠠᠨ᠎ᠠ᠃   ★ᠵᠢᠷᠭᠤᠭ᠎ᠠ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠄ 600 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠠᠷᠠᠳ ᠣᠯᠠᠨ ᠪᠠ ᠬᠤᠳᠠᠯᠳᠤᠭᠠᠴᠢᠳ ᠲᠤ ᠠᠰᠢᠭ ᠬᠦᠷᠳᠡᠭᠡᠨ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠶᠤᠤ ᠬᠤᠩ ᠭᠠᠩ ᠪᠠᠰᠠ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠪᠠᠶᠢᠭᠤᠯᠤᠯᠳᠠ  ᠶᠢ ᠴᠢᠩᠭᠠᠳᠬᠠᠬᠤ᠂ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ᠂ ᠠᠷᠢᠭᠤᠨ ᠴᠢᠭᠡᠴᠢ ᠪᠠᠷ ᠵᠠᠰᠠᠬᠤ ᠪᠠᠷᠢᠬᠤ ᠪᠠᠶᠢᠭᠤᠯᠤᠯᠳᠠ ᠶᠢ ᠴᠢᠩᠭᠠᠳᠬᠠᠬᠤ ᠵᠡᠷᠭᠡ ᠳᠠᠯ᠎ᠠ ᠪᠠᠷ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ᠂ ᠵᠠᠰᠠᠯᠳᠠ  ᠶᠢᠨ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠬᠦ ᠲᠤᠬᠠᠢ ᠲᠤᠷᠠᠳᠪᠠ᠃       ᠶᠤᠤ ᠬᠤᠩ ᠭᠠᠩ ᠢᠯᠡᠳᠭᠡᠯ ᠳᠡᠭᠡᠨ᠂ ᠦᠨᠡᠨᠴᠢ ᠴᠢᠷᠮᠠᠶᠢᠯᠭ᠎ᠠ ᠶᠢᠨ ᠬᠦᠴᠦᠨ ᠳᠤ ᠦᠵᠡᠮᠵᠢᠳᠦ ᠮᠠᠷᠭᠠᠰᠢ ᠴᠤᠭᠴᠠᠯᠠᠭᠳᠠᠨ᠎ᠠ᠂ ᠰᠢᠷᠭᠠᠭᠤ ᠲᠡᠮᠡᠴᠡᠯ ᠤᠨ ᠡᠷᠴᠢᠨ ᠳᠤ ᠰᠢᠨ᠎ᠡ ᠬᠠᠷᠭᠤᠢ ᠰᠤᠨᠤᠯᠵᠠᠨ᠎ᠠ᠃ ᠪᠢᠳᠠ ᠰᠢ ᠶᠢᠨ ᠫᠢᠩ ᠨᠥᠬᠦᠷ  ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠣᠣᠱᠯᠠᠭᠤᠯᠵᠦ᠂ ︽ᠮᠣᠩᠭᠤᠯ ᠮᠤᠷᠢᠨ︾ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ ᠬᠡᠪᠡ᠃     ᠬᠤᠷᠠᠯ ᠳᠤ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠳᠠᠷᠤᠭ᠎ᠠ ᠬᠠᠢ ᠱᠠᠨ ᠠᠴᠠ ︽ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2023 ᠤᠨ ᠤ ᠠᠷᠠᠳ  ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠢ ᠪᠡᠶᠡᠯᠡᠬᠦᠯᠦᠭᠰᠡᠨ ᠪᠠᠶᠢᠳᠠᠯ ᠪᠠ 2024 ᠤᠨ ᠤ ᠠᠷᠠᠳ  ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠵᠢᠱᠢᠭᠰᠡᠨ ᠲᠦᠷᠦᠯ ᠵᠦᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠠ︾   ᠬᠢᠵᠠᠢ᠃     ᠬᠤᠷᠠᠯ ᠤᠨ ᠵᠦᠪᠯᠡᠭᠦ ᠵᠦᠢᠯᠡᠰ ᠢ ᠦᠨᠳᠦᠰᠦᠯᠡᠨ᠂ ᠶᠡᠭᠡ ᠬᠤᠷᠠᠯ ᠠᠴᠠ ︽ᠪᠠᠷᠠᠭᠤᠨ ᠦᠵᠦᠮᠦᠴᠢᠨ ᠬᠤᠰᠢᠭᠤᠨ ᠤ 2023 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠬᠦᠯᠦᠯᠳᠠ ᠶᠢᠨ ᠲᠦᠯᠦᠪᠯᠡᠭᠡ  ᠶᠢ ᠬᠡᠷᠡᠭᠵᠢᠭᠦᠯᠦᠭᠰᠡᠨ ᠪᠠᠶᠢᠳᠠᠯ ᠵᠢᠴᠢ 2024 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠬᠦᠯᠦᠯᠳᠠ ᠶᠢᠨ ᠲᠦᠯᠦᠪᠯᠡᠭᠡ ︵ᠡᠬᠡ ᠨᠤᠤᠷᠠᠭ︶ ᠶᠢᠨ ᠲᠤᠬᠠᠢ ᠮᠡᠳᠡᠭᠦᠯᠦᠯᠳᠡ︾᠂ ︽ᠪᠠᠷᠠᠭᠤᠨ ᠦᠵᠦᠮᠦᠴᠢᠨ ᠬᠤᠰᠢᠭᠤᠨ ᠤ 2023 ᠤᠨ ᠤ ᠡᠳ᠋ ᠤᠨ ᠵᠠᠰᠠᠭ ᠤᠨ ᠲᠦᠰᠦᠪ ᠢ ᠬᠦᠢᠴᠡᠳᠭᠡᠭᠰᠡᠨ ᠪᠠᠶᠢᠳᠠᠯ ᠪᠠ 2024 ᠤᠨ ᠤ ᠡᠳ᠋  ᠤᠨ ᠵᠠᠰᠠᠭ ᠤᠨ ᠲᠦᠰᠦᠪ ᠤᠨ ︵ᠡᠬᠡ ᠨᠤᠤᠷᠠᠭ︶ ᠲᠤᠬᠠᠢ ᠮᠡᠳᠡᠭᠦᠯᠦᠯᠳᠡ︾ ᠶᠢ ᠪᠢᠴᠢᠭ ᠤᠨ ᠬᠡᠯᠪᠡᠷᠢ ᠪᠠᠷ ᠳᠠᠷᠤᠮᠠᠯᠯᠠᠨ ᠳᠠᠷᠬᠠᠭᠠᠵᠠᠢ᠃     ᠶᠡᠭᠡ ᠬᠤᠷᠠᠯ ᠠᠴᠠ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ  ᠬᠤᠷᠠᠯᠳᠤᠭᠠᠨ ᠤ ᠰᠤᠩᠭᠤᠭᠤᠯᠢ ᠶᠢᠨ ᠠᠷᠭ᠎ᠠ︾ ︵ᠡᠬᠡ ᠨᠤᠤᠷᠠᠭ︶᠂ ︽ᠪᠠᠷᠠᠭᠤᠨ ᠦᠵᠦᠮᠦᠴᠢᠨ ᠬᠤᠰᠢᠭᠤᠨ ᠤ ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠤ ᠠᠷᠠᠳ ᠤᠨ ᠠᠮᠢᠳᠤᠷᠠᠯ ᠤᠨ ᠪᠤᠳᠠᠳᠤ ᠲᠦᠷᠦᠯ ᠵᠦᠢᠯ ᠳᠤ ᠫᠢᠶᠤᠤ ᠦᠭᠴᠤ ᠲᠤᠭᠳᠠᠭᠠᠬᠤ ᠠᠷᠭ᠎ᠠ ︵ᠡᠬᠡ ᠨᠤᠤᠷᠠᠭ︶︾ ᠪᠤᠯᠤᠨ ︽ᠪᠠᠷᠠᠭᠤᠨ ᠦᠵᠦᠮᠦᠴᠢᠨ ᠬᠤᠰᠢᠭᠤᠨ  ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠬᠦᠨ ᠤ ᠵᠢᠱᠢᠭᠳᠡᠭᠴᠢ ᠶᠢᠨ ᠨᠡᠷᠡᠰ ︵ᠡᠬᠡ ᠨᠤᠤᠷᠠᠭ︶ ᠢ ᠤᠩᠰᠢᠨ ᠨᠡᠶᠢᠳᠡᠯᠠᠵᠠᠢ᠃     ᠬᠤᠰᠢᠭᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ  ᠤ ᠬᠠᠮᠢᠶ᠎ᠠ ᠪᠦᠬᠦᠢ ᠤᠳᠤᠷᠢᠳᠤᠯᠭ᠎ᠠ᠂ ᠠᠬᠠᠮᠠᠳ ᠺᠠᠳ᠋ᠷ ᠤᠨ ᠳᠦᠯᠦᠭᠡᠯᠡᠭᠴᠢ᠂ ᠬᠤᠰᠢᠭᠤ ᠵᠠᠰᠠᠭ ᠶᠢᠨ ᠣᠷᠳᠤᠨ ᠤ ᠪᠦᠷᠢᠯᠳᠦᠭᠦᠨ ᠨᠢᠭᠡᠴᠡ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠳᠡᠨ᠂ ᠰᠢᠰᠲ᠋ᠧᠮ ᠢᠶᠠᠷ ᠬᠠᠮᠢᠶᠠᠷᠠᠬᠤ ᠨᠢᠭᠡᠴᠡ᠂ ᠠᠷᠠᠳ ᠤᠨ ᠪᠦᠯᠭᠦᠮ᠂ ᠮᠦᠩᠭᠦᠨ ᠬᠦᠢᠯᠭᠡᠭᠡᠨ᠂ ᠴᠢᠮᠡᠭᠡ ᠨᠡᠪᠳᠡᠷᠡᠬᠦᠯᠭᠡ ᠪᠤᠯᠤᠨ ᠰᠠᠭᠤᠭ᠎ᠠ ᠴᠡᠷᠢᠭ ᠠᠩᠬᠢ ᠶᠢᠨ ᠬᠠᠷᠢᠭᠤᠴᠠᠯᠭᠠᠳᠡᠨ ᠵᠢᠴᠢ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ  ᠶᠢᠨ ᠵᠦᠪᠯᠡᠯᠭᠡᠨ ᠤ ᠪᠦᠭᠦ ᠭᠡᠰᠢᠭᠦᠳ ᠲᠤᠰ ᠤᠳᠠᠭᠠᠨ ᠤ ᠬᠤᠷᠠᠯᠳᠤᠭᠠᠨ ᠳᠤ ᠰᠤᠯᠠ ᠤᠷᠤᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号