| | ᠨᠢᠭᠡᠳᠦᠭᠡᠷ ᠵᠦᠢᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ ︽ᠪᠠᠷᠠᠭᠤᠨ | ᠦᠵᠦᠮᠦᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤ ᠨᠠᠮ ᠤᠨ | ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠪᠠᠷᠠᠭᠤᠨ | ᠦᠵᠦᠮᠦᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ | ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ | ᠰᠠᠯᠠᠭᠠᠨ ᠤ ᠲᠠᠰ ᠪᠣᠯᠣᠨ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠨᠢᠭᠡᠳᠦᠯᠲᠡᠢ | ᠬᠠᠮᠢᠶᠠᠷᠴᠤ ᠵᠣᠬᠢᠴᠠᠭᠤᠯᠤᠨ᠎ᠠ᠃ | ᠭᠤᠷᠪᠠᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠨᠠᠮ ᠤᠨ ᠲᠥᠪ | ᠬᠤᠷᠢᠶ᠎ᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ | ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠶ ᠰᠢᠭᠤᠢ ᠪᠠ ᠨᠤᠲᠤᠭ | ᠪᠡᠯᠴᠢᠭᠡᠷ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠰᠢᠭᠤᠢ ᠪᠠ | ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ | ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠶ | ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ | ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠡᠯ᠎ᠡ ᠲᠥᠷᠥᠯ ᠤᠨ | ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ ᠪᠣᠶᠢᠵᠢᠭᠤᠯᠤᠨ ᠡᠵᠡᠩᠨᠡᠬᠦ ᠶᠢ ᠵᠢᠯᠤᠭᠤᠳᠴᠤ᠂ ᠪᠥᠬᠦ | ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ | ᠬᠥᠳᠡᠭᠡ ᠶᠢᠨ ᠨᠣᠭᠤᠭᠠᠷᠠᠭᠤᠯᠤᠯᠲᠠ ᠪᠠ ᠣᠶ ᠰᠢᠭᠤᠶᠢᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠢᠯᠤᠭᠤᠳᠬᠤ ᠶᠢᠨ ᠬᠠᠮᠲᠤ ᠲᠡᠭᠦᠨ ᠳᠤ ᠣᠷᠣᠯᠴᠠᠨ᠎ᠠ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ | ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠮᠠᠭᠤᠳᠠᠭᠰᠠᠨ ᠨᠤᠲᠤᠭ ᠪᠡᠯᠴᠢᠭᠡᠷ | ᠢ ᠵᠠᠰᠠᠬᠤ᠂ ᠰᠠᠶᠢᠵᠢᠷᠠᠭᠤᠯᠬᠤ ᠪᠠ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠢ᠃ ᠤᠢ ᠰᠢᠭᠤᠢ ᠪᠣᠯᠣᠨ ᠨᠤᠲᠤᠭ ᠪᠡᠯᠴᠢᠭᠡᠷ ᠣᠨ ᠬᠥᠨᠥᠭᠡᠯᠲᠡᠢ ᠠᠮᠢᠳᠤ ᠪᠣᠳᠠᠰ ᠢ | ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ | ᠪᠣᠯᠣᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ ᠠᠵᠢᠯ ᠢ | ᠡᠭᠦᠷᠭᠡᠯᠡᠨ᠎ᠡ᠃ | ︵ᠭᠤᠷᠪᠠ︶ ᠪᠥᠬᠦ ᠬᠤᠰᠢᠭᠤᠨ ᠤ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠰᠢᠭᠤᠢ ᠶᠢᠨ ᠣᠭᠲᠣᠯᠬᠤ ᠬᠢᠵᠠᠭᠠᠷ | ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠬᠠᠮᠢᠶᠠᠷᠤᠯᠲᠠ ᠶᠢ ᠬᠠᠷᠢᠭᠤᠴᠠᠵᠤ᠂ ᠣᠶᠢᠲᠤ ᠭᠠᠵᠠᠷ ᠪᠠ ᠨᠤᠲᠤᠭ | ᠪᠡᠯᠴᠢᠭᠡᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠲᠠ ᠶᠢ ᠬᠠᠷᠢᠭᠤᠴᠠᠵᠤ᠂ | ᠨᠡᠶᠢᠲᠡ ᠶᠢᠨ ᠠᠰᠠᠷᠠᠮᠵᠢ ᠶᠢᠨ ᠤᠢ ᠶᠢ ᠢᠯᠭᠠᠨ ᠲᠣᠭᠲᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ | ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠤᠢ ᠨᠤᠲᠤᠭ ᠪᠡᠯᠴᠢᠭᠡᠷ ᠲᠤ | ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠨ ᠵᠠᠰᠠᠵᠤ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ | ᠠᠰᠢᠭᠯᠠᠯᠲᠠ ᠶᠢ ᠬᠢᠨᠠᠨ ᠬᠠᠮᠢᠶᠠᠷᠴᠤ᠂ ᠨᠤᠲᠤᠭ ᠪᠡᠯᠴᠢᠭᠡᠷ ᠤᠨ ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠲᠥᠷᠥᠯ | ᠵᠦᠢᠯ ᠢ ᠠᠩᠬ᠎ᠠ ᠬᠢᠨᠠᠬᠤ᠂ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠨᠤᠭᠤ ᠭᠠᠵᠠᠷ ᠤᠨ | ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠨᠤᠭᠤ ᠭᠠᠵᠠᠷ ᠤᠨ | ᠬᠠᠮᠠᠭᠠᠯᠠᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ | ᠬᠢᠨᠠᠨ ᠬᠠᠮᠢᠶᠠᠷᠤᠨ᠎ᠠ᠃ | ︵ᠳᠥᠷᠪᠡ︶ ᠪᠥᠬᠦ ᠬᠤᠰᠢᠭᠤᠨ ᠤ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠬᠤ ᠪᠠ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠯᠡᠰᠦᠨ ᠴᠥᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠪᠥᠬᠦ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ | ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠯᠡᠰᠦᠵᠢᠭᠰᠡᠨ ᠪᠠ ᠡᠯᠡᠰᠦᠵᠢᠭᠰᠡᠨ ᠭᠠᠵᠠᠷ | ᠰᠢᠷᠣᠢ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ | ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ | ︵ᠲᠠᠪᠤ︶ ᠪᠥᠬᠦ ᠬᠤᠰᠢᠭᠤᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠢ ᠶᠢᠨ | ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠵᠤ ᠦᠷᠡᠵᠢᠭᠦᠯᠦᠨ ᠪᠣᠶᠢᠵᠢᠭᠤᠯᠬᠤ᠂ ᠣᠷᠣᠰᠢᠨ ᠠᠮᠢᠳᠤᠷᠠᠬᠤ | ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠣᠬᠢᠶᠠᠨ | ᠪᠠᠶᠢᠭᠤᠯᠤᠨ ᠵᠢᠯᠤᠭᠤᠳᠴᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ | ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠣᠶᠢᠵᠢᠭᠤᠯᠵᠤ ᠪᠣᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ | ᠬᠠᠮᠢᠶᠠᠷᠤᠨ᠎ᠠ᠃ | ︵ᠵᠢᠷᠭᠤᠭ᠎ᠠ︶ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ | ᠬᠠᠷᠢᠭᠤᠴᠠᠨ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠲᠥᠯᠦᠪᠵᠢᠭᠦᠯᠭᠡ ᠶᠢ ᠲᠣᠭᠲᠠᠭᠠᠨ᠎ᠠ ᠬᠤᠰᠢᠭᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ | ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ | ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠦᠨ᠎ᠡ᠃ ᠪᠠᠶᠢᠭᠠᠯᠢ ᠶᠢᠨ ᠥᠪ ᠬᠥᠷᠥᠩᠭᠡ ᠶᠢᠨ ᠮᠡᠳᠡᠭᠦᠯᠦᠯᠲᠡ ᠶᠢ | ᠬᠢᠨᠠᠨ ᠬᠠᠷᠭᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠪᠠᠶᠢᠭᠠᠯᠢ ᠶᠢᠨ | ᠪᠠ ᠰᠣᠶᠣᠯ ᠤᠨ ᠳᠠᠪᠬᠤᠷ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︵ᠲᠤᠯᠤᠭ᠎ᠠ︶ ᠤᠯᠤᠰ ᠣᠨ ᠥᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠵᠤᠯᠵᠠᠭ᠎ᠠ ᠮᠣᠳᠣᠨ ᠣ | ᠬᠦᠷᠢᠶᠡᠯᠡᠩ ᠣᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ ᠪᠠ | ᠡᠪᠡᠰᠦᠨ ᠤ ᠵᠦᠢᠯ ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠪᠥᠬᠦ ᠬᠤᠰᠢᠭᠤᠨ ᠤ ᠣᠶ ᠰᠢᠭᠤᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ | ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠶ | ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠡᠭᠦᠯᠳᠡᠷ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠡᠭᠦᠯᠳᠡᠷ ᠤᠨ ᠶᠠᠰᠤ | ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ | ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ | ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠨᠠᠢᠮᠠ︶ ᠡᠯ᠎ᠡ ᠠᠵᠤ ᠦᠢᠯᠡᠰ ᠤᠨ ᠬᠥᠭᠵᠢᠯᠲᠡ ᠶᠢᠨ ᠣᠶ ᠰᠢᠭᠤᠢ᠂ ᠨᠤᠲᠤᠭ ᠪᠡᠯᠴᠢᠭᠡᠷ᠂ ᠴᠢᠭᠢᠭᠯᠢᠭ | ᠨᠤᠭᠤ ᠭᠠᠵᠠᠷ᠂ ᠡᠯᠡᠰᠦᠨ ᠴᠥᠯ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠶᠢᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ | ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠣᠶ ᠰᠢᠭᠤᠢ ᠡᠪᠡᠰᠦᠨ ᠤ ᠠᠵᠤ ᠦᠢᠯᠡᠰ ᠤᠨ ᠪᠠᠷᠢᠮᠵᠢᠶ᠎ᠠ ᠶᠢ | ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠣᠶ ᠰᠢᠭᠤᠢ ᠡᠪᠡᠰᠦ ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ | ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠠᠸᠠᠷ ᠤᠨ ᠣᠶ ᠶᠢᠨ ᠬᠥᠭᠵᠢᠯᠲᠡ ᠪᠠ ᠠᠰᠢᠭᠯᠠᠯᠲᠠ ᠶᠢ ᠵᠢᠯᠣᠭᠤᠳᠤᠨ᠎ᠠ᠃ | ᠣᠶ ᠰᠢᠭᠤᠢ ᠡᠪᠡᠰᠦᠨ ᠤ ᠠᠵᠤ ᠦᠢᠯᠡᠰ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ ᠠᠮᠢ | ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ | ︵ᠶᠢᠰᠦ︶ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠢ | ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠤᠨ ᠢᠷᠡᠯᠲᠡ ᠶᠢᠨ | ᠬᠠᠮᠢᠶᠠᠷᠤᠯᠲᠠ᠂ ᠭᠠᠯ ᠢ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠩᠬ᠎ᠠ ᠡᠭᠦᠰᠦᠭᠰᠡᠨ ᠭᠠᠯ ᠤᠨ | ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠵᠢᠯᠤᠭᠤᠳᠴᠤ᠂ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ | ᠥᠷᠨᠢᠭᠦᠯᠬᠦ ᠬᠡᠷᠡᠭᠲᠡᠢ᠃ ᠴᠢᠬᠤᠯᠠ ᠲᠠᠢ ᠦᠶ᠎ᠡ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠢ | ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃ | ︵ᠠᠷᠪᠠ︶ ᠪᠥᠬᠦ ᠬᠤᠰᠢᠭᠤᠨ ᠤ ᠣᠶ ᠰᠢᠭᠤᠢ᠂ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠠᠷᠪᠠᠨ ᠨᠢᠭᠡ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ | ᠬᠠᠮᠢᠶ᠎ᠠ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ᠃ ᠪᠥᠬᠦ ᠬᠤᠰᠢᠭᠤᠨ ᠤ ᠬᠠᠮᠲᠤ ᠶᠢᠨ ᠣᠶ ᠮᠣᠳᠣᠨ ᠤ | ᠡᠷᠬᠡ ᠶᠢᠨ ᠳᠦᠷᠢᠮ᠂ ᠭᠤᠣᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ᠂ ᠤᠯᠤᠰ ᠤᠨ | ᠥᠮᠴᠢᠯᠡᠯᠲᠦ ᠣᠶ ᠰᠢᠭᠤᠢ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠢ᠂ ᠨᠤᠲᠤᠭ | ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠬᠠᠷᠢᠭᠤᠴᠠᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ | ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠬᠤᠶᠠᠷ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠪᠥᠬᠦ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠢ ᠪᠠ ᠨᠤᠲᠤᠭ | ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ | ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ | ︵ᠠᠷᠪᠠᠨ ᠭᠤᠷᠪᠠ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ | ᠮᠡᠷᠭᠡᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠬᠠᠭᠤᠯᠭ᠎ᠠ ᠬᠥᠮᠦᠵᠢᠯ ᠪᠠ | ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠠᠵᠢᠯ ᠢ ᠵᠢᠯᠣᠭᠤᠳᠤᠨ᠎ᠠ᠃ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠣᠶ ᠰᠢᠭᠤᠢ ᠪᠠ ᠲᠠᠯ᠎ᠠ ᠨᠤᠲᠤᠭ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠴᠢᠭᠢᠭᠯᠢᠭ ᠭᠠᠵᠠᠷ᠂ ᠴᠥᠯᠡᠷᠬᠡᠭᠵᠢᠯ᠂ ᠮᠥᠬᠦᠬᠦ ᠰᠢᠬᠠᠭᠰᠠᠨ | ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠲᠡ ᠶᠢᠨ | ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠠᠷᠪᠠᠨ ᠳᠥᠷᠪᠡ︶ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶ᠎ᠠ ᠪᠦᠬᠦᠢ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠤᠯᠤᠰ ᠤᠨ ᠥᠮᠴᠢᠯᠡᠯᠲᠦ | ᠣᠶ ᠰᠢᠭᠤᠢ ᠶᠢᠨ ᠲᠠᠯᠠᠪᠠᠶ ᠶᠢᠨ ᠥᠭᠡᠷᠡᠴᠢᠯᠡᠯᠲᠡ ᠶᠢᠨ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠣᠶ | ᠰᠢᠭᠤᠢ ᠶᠢᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ᠂ ᠣᠶ ᠰᠢᠭᠤᠢ ᠶᠢᠨ ᠨᠡᠭᠡᠭᠡᠨ ᠠᠰᠢᠭᠯᠠᠯᠲᠠ ᠵᠡᠷᠭᠡ | ᠠᠵᠢᠯ ᠢ ᠬᠠᠮᠢᠶᠠᠷᠬᠤ ᠪᠠ ᠵᠢᠯᠣᠭᠤᠳᠤᠨ᠎ᠠ᠃ | (ᠠᠷᠪᠠᠨ ᠲᠠᠪᠤ) ᠠᠵᠢᠯ ᠲᠤᠶᠢᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠤᠶᠢᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ | ᠭᠦᠢᠴᠡᠳᠬᠡᠨ᠎ᠡ᠃ | ︵ᠠᠷᠪᠠᠨ ᠵᠢᠷᠭᠤᠭ᠎ᠠ︶ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠤ | ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃ | ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠨᠠᠢᠮᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ | ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠶ | ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠶᠡᠬᠡᠪᠡᠷ | ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ︔ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠭᠦᠯᠦᠨ | ᠨᠡᠶᠢᠯᠡᠭᠦᠯᠬᠦ ᠠᠵᠢᠯ ᠢ ᠨᠢᠭᠡᠳᠦᠯᠲᠡᠢ ᠲᠦᠯᠬᠢᠨ ᠠᠬᠢᠭᠤᠯᠤᠨ᠎ᠠ᠃ | ︵ᠠᠷᠪᠠ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤᠨ ᠭᠠᠮᠰᠢᠭ ᠢ ᠶᠡᠷᠦᠩᠬᠡᠶᠢᠯᠡᠨ | ᠰᠡᠷᠭᠡᠶᠢᠯᠡᠬᠦ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ | ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠤᠢ ᠰᠢᠭᠤᠢ ᠪᠣᠯᠣᠨ ᠨᠤᠲᠤᠭ ᠪᠡᠯᠴᠢᠭᠡᠷ ᠣᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ | ᠬᠢᠨᠠᠨ ᠬᠡᠮᠵᠢᠵᠦ ᠰᠡᠷᠡᠮᠵᠢᠯᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ | ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ | ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠩᠬ᠎ᠠ ᠡᠭᠦᠰᠦᠭᠰᠡᠨ ᠭᠠᠯ ᠤᠨ | ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ | ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ | ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ | ᠲᠥᠰᠥᠯ ᠢ ᠵᠣᠯᠭᠠᠭᠤᠯᠬᠤ ᠠᠵᠢᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ᠃ ᠬᠦᠨᠳᠦ | ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢᠨ ᠬᠠᠮᠲᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ᠃ ᠬᠤᠰᠢᠭᠤᠨ ᠤ ᠬᠦᠨᠳᠦ | ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠭᠤᠴᠠᠯᠭᠠᠲᠠᠨ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ᠬᠤᠶᠠᠷ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠨᠢᠭᠡᠳᠦᠯᠲᠡᠢ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠲᠠᠪᠴᠠᠩ ᠢ ᠬᠠᠮᠲᠤᠪᠠᠷ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ | ᠮᠡᠳᠡᠭᠦᠯᠬᠦ ᠳᠦᠷᠢᠮ ᠢ ᠪᠠᠶᠢᠭᠤᠯᠵᠤ᠂ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ | ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ᠳᠥᠷᠪᠡᠳᠦᠭᠡᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠣᠣᠷᠠᠬᠢ ᠮᠡᠲᠦ | ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠪᠠᠶᠢᠭᠤᠯᠭ᠎ᠠ ᠶᠢᠨ | ᠵᠠᠰᠠᠭ ᠤᠨ ᠶᠠᠪᠤᠳᠠᠯ᠂ ᠬᠡᠷᠡᠭ ᠶᠠᠪᠤᠳᠠᠯ᠂ ᠦᠢᠯᠡᠴᠢᠯᠡᠭᠡᠨ ᠤ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ ᠡᠳᠦᠷ ᠲᠤᠲᠤᠮ ᠤᠨ ᠴᠠᠬᠢᠯᠭᠠᠨ ᠮᠡᠳᠡᠭᠡ ᠰᠢᠢᠳᠪᠦᠷᠢᠯᠡᠬᠦ᠂ ᠪᠢᠴᠢᠭ | ᠮᠠᠲ᠋ᠧᠷᠢᠶᠠᠯ ᠡᠬᠡ ᠪᠢᠴᠢᠭ ᠲᠤᠭᠤᠷᠪᠢᠬᠤ᠂ ᠬᠤᠷᠠᠯ ᠤᠨ ᠪᠡᠯᠡᠳᠬᠡᠯ ᠵᠣᠬᠢᠶᠠᠨ ᠪᠠᠶᠢᠭᠤᠯᠤᠯᠲᠠ᠂ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ᠂ ᠨᠢᠭᠤᠴᠠ ᠴᠢᠬᠤᠯᠠ ᠵᠦᠢᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ | ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ | ᠨᠢᠭᠡᠴᠢ ᠶᠢᠨ ᠢᠶᠠᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠬᠥᠳᠡᠯᠮᠦᠷᠢ ᠶᠢᠨ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠬᠠᠷᠠᠯᠲᠠᠲᠤ ᠬᠢᠨᠠᠨ ᠰᠢᠯᠭᠠᠯᠲᠠ᠂ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠠᠵᠢᠯ ᠢ ᠡᠭᠦᠷᠭᠡᠯᠡᠨ᠎ᠡ᠃ ᠵᠢᠷᠤᠮᠵᠢᠯ ᠣᠨ | ᠴᠢᠨᠠᠷᠲᠠᠢ ᠪᠢᠴᠢᠭ ᠮᠠᠲ᠋ᠧᠷᠢᠶᠡᠯ ᠣᠨ ᠬᠠᠤᠯᠢ ᠶᠣᠰᠣᠨ ᠣ ᠴᠢᠨᠠᠷᠲᠠᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠬᠤᠰᠢᠭᠤᠨ ᠤ ᠤᠢ ᠰᠢᠭᠤᠢ ᠪᠠ ᠨᠤᠲᠤᠭ | ᠪᠡᠯᠴᠢᠭᠡᠷ ᠤᠨ ᠡᠩᠨᠡᠭᠡᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ ᠣᠢ ᠰᠢᠭᠤᠢ ᠪᠠ | ᠨᠤᠲᠤᠭ ᠪᠡᠯᠴᠢᠭᠡᠷ ᠤᠨ ᠪᠡᠯᠡ ᠮᠥᠩᠭᠦ᠂ ᠰᠠᠯᠠᠭ᠎ᠠ ᠮᠥᠴᠢᠷ ᠤᠨ ᠲᠥᠰᠥᠪ ᠵᠢᠴᠢ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠪᠠ ᠵᠦᠢᠯᠡᠰ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠮᠢ ᠠᠬᠤᠢ ᠪᠠᠷ | ᠶᠠᠳᠠᠭᠤ ᠶᠢ ᠲᠡᠳᠬᠦᠬᠦ ᠪᠠ ᠬᠤᠯᠪᠣᠭᠳᠠᠯ ᠪᠦᠬᠦᠢ ᠠᠮᠢ ᠠᠬᠤᠢ ᠶᠢᠨ ᠨᠥᠬᠦᠪᠦᠷᠢ ᠶᠢᠨ ᠳᠦᠷᠢᠮ ᠢ ᠬᠡᠷᠡᠭᠵᠢᠭᠦᠯᠬᠦ ᠶᠢ | ᠵᠣᠬᠢᠶᠠᠨ ᠪᠠᠶᠢᠭᠤᠯᠬᠤ ᠳᠤ ᠣᠷᠣᠯᠴᠠᠨ᠎ᠠ᠃ ᠭᠠᠳᠠᠭᠠᠳᠤ ᠳᠤ ᠬᠤᠯᠪᠣᠭᠳᠠᠬᠤ᠂ ᠭᠠᠳᠠᠭᠠᠳᠤ ᠳᠤ ᠲᠤᠰᠠᠯᠠᠬᠤ ᠲᠥᠷᠥᠯ | ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠮᠡᠳᠡᠭᠦᠯᠬᠦ ᠶᠢᠨ ᠬᠠᠮᠲᠤ ᠵᠢᠯᠤᠭᠤᠳᠴᠤ᠂ ᠣᠶ ᠰᠢᠭᠤᠢ ᠪᠠ | ᠨᠤᠲᠤᠭ ᠪᠡᠯᠴᠢᠭᠡᠷ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠨᠢᠭᠦᠯᠦᠨ᠎ᠡ᠃ ᠲᠤᠭ᠎ᠠ | ᠪᠦᠷᠢᠳᠬᠡᠯ ᠤᠨ ᠮᠡᠳᠡᠭᠡ ᠵᠠᠩᠭᠢ ᠪᠣᠯᠣᠨ ᠬᠠᠷᠢᠶ᠎ᠠ ᠨᠢᠭᠡᠴᠡ ᠶᠢᠨ ᠲᠥᠯᠥᠪᠯᠡᠭᠡ ᠡᠳ᠋ ᠤᠨ ᠶᠠᠪᠤᠳᠠᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠣᠨ ᠢᠶᠠᠷ ᠲᠣᠭᠲᠠᠭᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠭᠦᠷᠭᠡ ᠳᠤ | ᠬᠠᠷᠢᠭᠤᠴᠠᠯᠭ᠎ᠠ ᠶᠢᠨ ᠵᠠᠳᠠᠯᠤᠯᠲᠠ ᠬᠢᠵᠦ᠂ ᠠᠵᠢᠯ ᠤᠨ ᠬᠠᠷᠠᠯᠲᠠ᠂ ᠠᠷᠭ᠎ᠠ ᠬᠡᠮᠵᠢᠶ᠎ᠡ ᠪᠠ ᠬᠠᠷᠢᠭᠤᠴᠠᠯᠭᠠᠲᠠᠨ ᠢ | ᠲᠣᠳᠣᠷᠬᠠᠶᠢᠯᠠᠨ᠎ᠠ᠃ | ︵ᠬᠤᠶᠠᠷ︶ ᠡᠯᠡᠰᠦ ᠶᠢ ᠵᠠᠰᠠᠵᠤ ᠣᠶᠢᠵᠢᠭᠤᠯᠬᠤ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ | ᠠᠶᠢᠮᠠᠭ ᠤᠨ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ | ᠵᠠᠰᠠᠬᠤ ᠲᠤᠬᠠᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠣᠨ ᠮᠡᠷᠭᠡᠵᠢᠯ ᠤᠨ ᠳᠦᠷᠢᠮ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠢ | ᠨᠣᠭᠤᠭᠠᠷᠠᠭᠤᠯᠬᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠡᠯᠡᠰᠦᠷᠬᠡᠭᠵᠢᠭᠰᠡᠨ ᠭᠠᠵᠠᠷ | ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠵᠢᠴᠢ ᠣᠨ ᠤ ᠦᠢᠯᠡᠳᠪᠦᠷᠢᠯᠡᠯ ᠤᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠪᠠᠭᠤᠯᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠢ | ᠰᠢᠭᠤᠢ ᠶᠢᠨ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ | ᠬᠢᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠢ ᠰᠢᠭᠤᠢ ᠶᠢᠨ ᠭᠤᠣᠯᠳᠠᠯᠭ᠎ᠠ ᠲᠠᠢ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠡᠷᠢᠵᠦ ᠣᠶᠢᠵᠢᠭᠤᠯᠬᠤ᠂ ᠠᠭᠤᠯᠠ | ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠡᠪᠡᠰᠦ ᠮᠣᠳᠣ ᠲᠡᠷᠢᠬᠤ ᠵᠡᠷᠭᠡ ᠠᠮᠢᠳᠤ ᠪᠣᠳᠠᠰ ᠤᠨ ᠠᠷᠭ᠎ᠠ | ᠬᠡᠮᠵᠢᠶ᠎ᠡ ᠪᠠᠷ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠤᠢ ᠰᠢᠭᠤᠢ ᠶᠢᠨ | ᠠᠮᠢ ᠠᠬᠤᠢ ᠶᠢᠨ ᠨᠥᠬᠦᠪᠦᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠦᠯᠯᠡᠷᠭᠡᠭᠵᠢᠯ ᠢ | ᠰᠡᠷᠭᠡᠶᠢᠯᠡᠨ ᠵᠠᠰᠠᠬᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠡᠯᠡᠰᠦᠨ ᠴᠥᠯ ᠤᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠦᠬᠦᠢ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ | ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠤᠨ | ᠬᠠᠮᠵᠢᠯᠴᠠᠨ᠎ᠠ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ | ᠡᠭᠦᠷᠭᠡᠯᠡᠨ᠎ᠡ᠃ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ | ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠬᠠᠷᠢᠭᠤᠴᠠᠨ᠎ᠠ᠃ ᠡᠷᠲᠡᠨ ᠤ ᠮᠣᠳᠣ ᠨᠠᠷᠠᠲᠤ ᠮᠣᠳᠣ᠂ ᠣᠶ | ᠰᠢᠭᠤᠢ ᠶᠢᠨ ᠦᠢᠯᠡᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | ︵ᠭᠤᠷᠪᠠ︶ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠲ᠋ᠣᠺ᠃ ᠪᠥᠬᠦ ᠬᠤᠰᠢᠭᠤᠨ ᠤ ᠣᠶ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠣᠶ ᠰᠢᠭᠤᠢ ᠶᠢᠨ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠶᠢᠨ ᠡᠬᠢ | ᠪᠠᠶᠠᠯᠢᠭ ᠢ ᠬᠥᠳᠡᠯᠦᠩᠭᠦᠢ ᠪᠠᠷ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠣᠶ ᠰᠢᠭᠤᠢ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ᠂ ᠣᠶᠢᠲᠤ ᠭᠠᠵᠠᠷ ᠤᠨ ᠬᠠᠮᠢᠶ᠎ᠠ ᠪᠦᠬᠦᠢ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠣᠶᠢᠲᠤ ᠭᠠᠵᠠᠷ ᠢ ᠬᠠᠮᠠᠭᠠᠯᠠᠨ ᠠᠰᠢᠭᠯᠠᠬᠤ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠶᠢᠨ ᠡᠵᠡᠩᠨᠡᠯᠲᠡ ᠶᠢᠨ ᠲᠥᠯᠦᠪᠵᠢᠭᠦᠯᠭᠡ ᠪᠠ ᠣᠶ | ᠰᠢᠭᠤᠢ ᠶᠢᠨ ᠡᠵᠡᠩᠨᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠮᠣᠳᠣ ᠶᠢ ᠭᠡᠷᠡᠴᠢ ᠲᠡᠮᠳᠡᠭ ᠢᠶᠠᠷ ᠣᠭᠲᠣᠯᠬᠤ᠂ ᠵᠥᠭᠡᠭᠡᠪᠦᠷᠢᠯᠡᠬᠦ ᠳᠤ | ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠤᠢ ᠰᠢᠭᠤᠢ ᠶᠢᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠵᠢᠯᠣᠭᠤᠳᠤᠨ᠎ᠠ᠃ ᠣᠢ ᠰᠢᠭᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠨ ᠵᠢᠯᠣᠭᠤᠳᠤᠨ᠎ᠠ᠃ ᠣᠶ ᠰᠢᠭᠤᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ | ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠴᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠬᠠᠮᠠᠭᠠᠯᠠᠵᠤ ᠬᠥᠭᠵᠢᠭᠦᠯᠬᠦ ᠲᠥᠯᠦᠪᠵᠢᠭᠦᠯᠭᠡ | ᠲᠣᠭᠲᠠᠭᠠᠨ᠎ᠠ᠃ ᠬᠤᠰᠢᠭᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ | ᠲᠣᠬᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠢᠶᠠᠷ | ᠮᠡᠳᠡᠭᠦᠯᠦᠨ ᠵᠥᠪᠰᠢᠶᠡᠷᠡᠭᠦᠯᠦᠨ᠎ᠡ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ | ᠠᠬᠤᠢ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠡᠯᠡᠬᠡᠢ ᠶᠢᠨ ᠪᠠᠶᠢᠭᠠᠯᠢ ᠶᠢᠨ ᠥᠪ ᠤᠨ | ᠵᠦᠢᠯᠡᠰ ᠪᠠ ᠳᠡᠯᠡᠬᠡᠢ ᠶᠢᠨ ᠪᠠᠶᠢᠭᠠᠯᠢ ᠬᠢᠭᠡᠳ ᠰᠣᠶᠣᠯ ᠤᠨ ᠳᠠᠪᠬᠤᠷ ᠥᠪ ᠤᠨ ᠵᠦᠢᠯᠡᠰ ᠤᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ ᠶᠢ ᠬᠢᠨᠠᠵᠤ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠬᠠᠮᠠᠭᠠᠯᠠᠬᠤ ᠠᠵᠢᠯ ᠢ ᠬᠠᠷᠢᠭᠤᠴᠠᠨ᠂ ᠨᠤᠭᠤ ᠭᠠᠵᠠᠷ ᠤᠨ | ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ᠂ ᠠᠮᠢ ᠠᠬᠤᠢ ᠶᠢ ᠰᠡᠷᠭᠦᠭᠡᠬᠦ᠂ ᠠᠮᠢ ᠠᠬᠤᠢ ᠶᠢ | ᠨᠥᠬᠦᠪᠦᠷᠢᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ ᠨᠤᠭᠤ ᠭᠠᠵᠠᠷ ᠪᠠ | ᠨᠤᠭᠤ ᠭᠠᠵᠠᠷ ᠤᠨ ᠴᠡᠴᠡᠷᠯᠢᠭ ᠢ ᠬᠢᠨᠠᠨ ᠬᠠᠮᠢᠶᠠᠷᠴᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ | ᠬᠠᠮᠢᠶᠠᠷᠴᠤ᠂ ᠣᠯᠠᠨ ᠤᠯᠤᠰ ᠤᠨ ᠨᠤᠭᠤ ᠭᠠᠵᠠᠷ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ | ᠲᠥᠷᠥᠯ ᠵᠡᠷᠭᠡ ᠨᠡᠶᠢᠲᠡ ᠶᠢᠨ ᠭᠡᠷ᠎ᠡ ᠶᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠥᠳᠡᠯᠦᠩᠭᠦᠢ ᠬᠢᠨᠠᠨ | ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠬᠡ | ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ᠂ ᠣᠷᠣᠰᠢᠨ ᠠᠮᠢᠳᠤᠷᠠᠬᠤ | ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ | ᠵᠢᠯᠤᠭᠤᠳᠴᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ | ᠬᠥᠮᠥᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ ᠪᠤᠶᠤ ᠪᠣᠶᠢᠵᠢᠭᠤᠯᠵᠤ᠂ ᠡᠵᠡᠩᠨᠡᠨ ᠠᠰᠢᠭᠯᠠᠬᠤ ᠶᠢ ᠬᠢᠨᠠᠨ | ᠬᠠᠮᠢᠶᠠᠷᠤᠨ᠎ᠠ᠃ | (ᠲᠤᠶᠢᠷᠪᠡ) ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠰᠲ᠋ᠣᠺ᠃ ᠨᠤᠲᠤᠭ ᠪᠡᠯᠴᠢᠭᠡᠷ | ᠣᠨ ᠬᠠᠮᠠᠭᠠᠯᠠᠯᠲᠠ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷᠣᠨ ᠵᠠᠰᠠᠭ | ᠵᠠᠬᠢᠷᠭᠠᠨᠣ ᠬᠠᠤᠯᠢ ᠬᠡᠷᠡᠭᠵᠢᠭᠦᠯᠬᠦ ᠠᠵᠢᠯᠢ ᠬᠠᠷᠢᠭᠤᠴᠠᠨ ᠵᠢᠯᠤᠭᠤᠳᠴᠤ᠂ ᠨᠤᠲᠤᠭ ᠪᠡᠯᠴᠢᠭᠡᠷᠢ ᠡᠪᠳᠡᠭᠰᠡᠨ ᠬᠦᠨᠳᠦ | ᠶᠡᠭᠡ ᠬᠡᠷᠡᠭᠢ ᠵᠣᠬᠢᠴᠠᠭᠤᠯᠤᠨ ᠰᠢᠢᠳᠪᠦᠷᠢᠯᠡᠵᠦ᠂ ᠬᠡᠭᠡᠷ᠎ᠡ ᠶᠢᠨ ᠡᠮᠲ᠋ᠤ ᠣᠷᠣᠬᠤ ᠤᠷᠭᠤᠮᠠᠯᠢ ᠳᠤᠷ᠎ᠠ ᠪᠠᠷ ᠢᠶᠠᠨ | ᠲᠡᠭᠦᠵᠦ ᠳᠤᠷ᠎ᠠ ᠪᠠᠷ ᠢᠶᠠᠨ ᠮᠠᠯᠲᠠᠬᠤ ᠶᠢ ᠵᠠᠰᠠᠬᠤ ᠠᠵᠢᠯᠢ ᠵᠢᠯᠣᠭᠤᠳᠤᠨ ᠥᠷᠨᠢᠭᠦᠯᠦᠨ᠎ᠡ᠃ ᠨᠤᠲᠤᠭ ᠪᠡᠯᠴᠢᠭᠡᠷ ᠢ | ᠲᠠᠲᠠᠪᠤᠷᠢᠯᠠᠨ ᠬᠡᠷᠡᠭᠯᠡᠬᠦ ᠲᠥᠷᠥᠯ ᠵᠦᠢᠯ ᠢ ᠠᠩᠬ᠎ᠠ ᠬᠢᠨᠠᠬᠤ᠂ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ | ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠩᠨᠡᠭᠡᠨ ᠤ | ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠳᠠᠬᠢᠨ | ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ | ︵ᠲᠠᠪᠤ︶ ᠨᠤᠲᠤᠭ ᠪᠡᠯᠴᠢᠭᠡᠷ ᠣᠨ ᠪᠦᠲᠦᠭᠡᠨ ᠪᠠᠶᠢᠭᠤᠯᠤᠯᠲᠠ ᠶᠢᠨ ᠰᠡᠯᠪᠢᠨ ᠰᠡᠷᠭᠦᠭᠡᠬᠦ ᠰᠲ᠋ᠣᠺ᠃ ᠨᠤᠲᠤᠭ | ᠪᠡᠯᠴᠢᠭᠡᠷ ᠢ ᠪᠦᠲᠦᠭᠡᠨ ᠪᠠᠶᠢᠭᠤᠯᠵᠤ ᠰᠡᠷᠭᠦᠭᠡᠨ ᠵᠠᠰᠠᠬᠤ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ | ᠪᠦᠲᠦᠭᠡᠨ ᠪᠠᠶᠢᠭᠤᠯᠤᠯᠲᠠ ᠶᠢ ᠰᠡᠷᠭᠦᠭᠡᠨ ᠵᠠᠰᠠᠬᠤ ᠪᠠ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠪᠠ ᠦᠷ᠎ᠡ ᠠᠰᠢᠭ ᠢ | ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠡᠪᠡᠳᠴᠢᠨ | ᠵᠡᠷᠭᠡ ᠬᠥᠨᠥᠭᠡᠯᠲᠡᠢ ᠠᠮᠢᠳᠤ ᠪᠣᠳᠠᠰ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠤᠷᠢᠳᠴᠢᠯᠠᠨ ᠵᠢᠱᠢᠵᠦ | ᠤᠷᠢᠳᠴᠢᠯᠠᠨ ᠰᠡᠷᠡᠮᠵᠢᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ᠂ ᠪᠦᠷᠢᠳᠬᠡᠨ ᠦᠨᠡᠯᠡᠬᠦ ᠵᠢᠴᠢ ᠨᠤᠲᠤᠭ ᠪᠡᠯᠴᠢᠭᠡᠷ ᠤᠨ | ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠨ | ᠱᠠᠲᠤᠨ ᠣ ᠨᠤᠲᠤᠭ ᠪᠡᠯᠴᠢᠭᠡᠷ ᠣᠨ ᠦᠢᠯᠡᠴᠢᠯᠡᠭᠡᠨ ᠣ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ | ᠬᠠᠮᠢᠶᠠᠷᠤᠯᠲᠠ ᠶᠢ ᠵᠢᠯᠣᠭᠤᠳᠤᠨ᠎ᠠ᠃ | ︵ᠵᠢᠷᠭᠤᠭ᠎ᠠ︶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠃ ᠨᠤᠲᠤᠭ | ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠲᠦᠷᠦ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨᠳᠦᠰᠦᠨ ᠨᠤᠲᠤᠭ | ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠨᠤᠲᠤᠭ ᠪᠡᠯᠴᠢᠭᠡᠷ ᠣᠨ ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ | ᠪᠠᠶᠢᠯᠭᠠᠬᠤ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠤᠲᠤᠭ ᠪᠡᠯᠴᠢᠭᠡᠷ ᠤᠨ ᠪᠡᠯᠴᠢᠭᠡᠷ ᠥᠨᠵᠢᠭᠦᠯᠬᠦ᠂ | ᠰᠡᠯᠭᠦᠨ ᠮᠠᠯᠵᠢᠬᠤ ᠪᠠ ᠪᠠᠶᠢᠭᠠᠯᠢ ᠶᠢᠨ ᠬᠠᠳᠤᠯᠠᠩ ᠪᠡᠯᠴᠢᠭᠡᠷ ᠢ ᠠᠰᠢᠭᠯᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ | ᠨᠤᠲᠤᠭ ᠪᠡᠯᠴᠢᠭᠡᠷ ᠤᠨ ᠠᠮᠢ ᠠᠬᠤᠢ ᠳᠤ ᠨᠥᠬᠦᠪᠦᠷᠢ ᠥᠭᠬᠦ ᠠᠵᠢᠯ ᠢ ᠬᠡᠷᠡᠭᠵᠢᠭᠦᠯᠦᠨ᠎ᠡ᠃ | ︵ᠲᠤᠯᠤᠭ᠎ᠠ︶ ᠥᠭᠡᠷᠡᠴᠢᠯᠡᠯᠲᠡ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠲ᠋ᠣᠺ᠃ ᠬᠠᠮᠲᠤ ᠶᠢᠨ | ᠤᠢ ᠮᠣᠳᠣᠨᠣ ᠡᠷᠬᠡ ᠶᠢᠨ ᠳᠦᠷᠢᠮ ᠪᠣᠯᠣᠨ ᠭᠤᠣᠯᠳᠠᠯᠭ᠎ᠠ ᠲᠠᠢ ᠤᠯᠤᠰᠣᠨ ᠥᠮᠴᠢᠯᠡᠯ ᠣᠨ ᠰᠢᠭᠤᠶᠢᠲᠤ ᠣᠷᠣᠨ᠂ | ᠤᠯᠤᠰᠣᠨ ᠥᠮᠴᠢᠯᠡᠯᠣᠨ ᠤᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ | ᠬᠠᠮᠢᠶ᠎ᠠ ᠪᠦᠬᠦᠢ ᠠᠵᠢᠯᠢ ᠵᠢᠯᠣᠭᠤᠳᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠣᠶ | ᠰᠢᠭᠤᠢ ᠶᠢᠨ ᠲᠠᠯᠠᠪᠠᠶ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ | ᠵᠢᠯᠤᠭᠤᠳᠴᠤ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶ᠎ᠠ ᠪᠦᠬᠦᠢ ᠲᠥᠷᠥᠯ ᠵᠦᠢᠯ ᠢ | ᠨᠠᠶᠢᠷᠠᠭᠤᠯᠤᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠮᠢᠶᠠᠷᠬᠤ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ | ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠣᠶ ᠰᠢᠭᠤᠢ ᠶᠢᠨ ᠡᠵᠡᠩᠨᠡᠯᠲᠡ ᠶᠢᠨ ᠲᠥᠰᠥᠯ ᠢ | ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ᠃ | ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠣᠶ ᠮᠣᠳᠣ ᠪᠠ ᠨᠤᠲᠤᠭ ᠪᠡᠯᠴᠢᠭᠡᠷ ᠤᠨ ᠡᠷᠭᠢᠯᠲᠡ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠬᠦ ᠶᠢ ᠵᠢᠯᠣᠭᠤᠳᠤᠨ᠎ᠠ᠃ ᠣᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ | ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠣᠶ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶᠠᠵᠢᠭᠤᠯᠤᠯᠲᠠ᠂ ᠶᠠᠰᠤ | ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ | ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ | ᠤᠢ ᠰᠢᠭᠤᠢ ᠪᠣᠯᠣᠨ ᠨᠤᠲᠤᠭ ᠪᠡᠯᠴᠢᠭᠡᠷ ᠢ ᠠᠵᠤ ᠦᠢᠯᠡᠰᠵᠢᠭᠦᠯᠦᠨ ᠬᠥᠭᠵᠢᠭᠦᠯᠬᠦ ᠲᠥᠯᠦᠪᠵᠢᠭᠦᠯᠭᠡ ᠪᠣᠯᠣᠨ ᠠᠵᠤ | ᠦᠢᠯᠡᠰ ᠤᠨ ᠳᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠲᠡᠭᠦᠨ ᠳᠤ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ | ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠮᠣᠳᠣᠨ ᠣ ᠦᠷ᠎ᠡ᠂ ᠡᠪᠡᠰᠦᠨ | ᠦᠷ᠎ᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ | ᠪᠠᠶᠢᠴᠠᠭᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ | ᠬᠠᠮᠠᠭᠠᠯᠠᠵᠤ ᠪᠦᠲᠦᠭᠡᠨ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ᠂ | ᠬᠢᠨᠠᠨ ᠲᠣᠭᠲᠠᠭᠠᠬᠤ᠂ ᠦᠯᠢᠭᠡᠷ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠪᠥᠬᠦ | ᠬᠤᠰᠢᠭᠤᠨ ᠤ ᠣᠶ ᠮᠣᠳᠣᠨ ᠤ ᠦᠷ᠎ᠡ᠂ ᠡᠪᠡᠰᠦᠨ ᠦᠷ᠎ᠡ ᠶᠢᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ | ᠬᠠᠮᠢᠶᠠᠷᠤᠯᠲᠠ ᠪᠠ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠠᠶᠢᠨ ᠦᠷ᠎ᠡ ᠶᠢᠨ ᠰᠠᠭᠤᠷᠢᠨ | ᠭᠠᠵᠠᠷ᠂ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ᠂ ᠡᠪᠡᠰᠦᠨ ᠦᠷ᠎ᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠶᠤᠯ | ᠦᠭᠡᠢ ᠦᠢᠯᠡᠳᠪᠦᠷᠢᠯᠡᠯ ᠤᠨ ᠠᠵᠢᠯ ᠢ ᠬᠢᠨᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠶ | ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠥᠷᠨᠢᠭᠦᠯᠦᠨ᠎ᠡ᠃ | ᠲᠠᠪᠤᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 13 ᠬᠥᠮᠥᠨ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ | 3 ᠬᠥᠮᠥᠨ ᠢ ᠲᠣᠬᠢᠷᠠᠭᠤᠯᠤᠨ᠎ᠠ᠃ | ᠵᠢᠷᠭᠤᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ | ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ | ᠵᠦᠢᠯᠡᠰ ᠢ ᠠᠰᠲᠠᠭᠠᠨ ᠲᠣᠭᠲᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠬᠤᠰᠢᠭᠤᠨ | ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ | ᠲᠡᠭᠦᠨ ᠳᠤ ᠲᠣᠬᠢᠷᠠᠭᠤᠯᠤᠯᠲᠠ ᠬᠢᠬᠦ ᠶᠢ ᠬᠤᠰᠢᠭᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠰᠠᠷ᠎ᠠ ᠶᠢᠨ 28 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠠᠯᠪᠠᠨ ᠭᠡᠷ ᠤᠨ ᠤᠲᠠᠰᠤ᠄ 0479-3918569 | ᠠᠵᠢᠯᠯᠠᠬᠤ ᠬᠠᠶ᠋ᠢᠭ ︵ᠬᠠᠷᠢᠯᠴᠠᠬᠤ ᠬᠠᠶ᠋ᠢᠭ︶᠄ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠭᠤᠣᠯ | ᠪᠠᠯᠭᠠᠰᠤᠨ ᠤ ᠦᠵᠦᠮᠦᠴᠢᠨ ᠵᠡᠭᠡᠯᠢ ᠶᠢᠨ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ | ᠠᠵᠢᠯᠯᠠᠬᠤ ᠴᠠᠭ᠄ 8᠄ 30 ︱ 12᠄ 00᠂ 14᠄ 30 ︱ 17᠄ 30 ︵ᠠᠵᠢᠯᠯᠠᠬᠤ ᠡᠳᠦᠷ︶ | ᠭᠤᠣᠯ ᠬᠠᠷᠢᠭᠤᠴᠠᠯᠭᠠᠲᠠᠨ᠄ ᠬᠠᠰᠪᠠᠶᠠᠷ | | | | | | | | | | |