ᠪᠠᠷᠠᠭᠤᠨ ᠦᠵᠦᠮᠦᠴᠢᠨ ᠬᠤᠰᠢᠭᠤ ᠨᠤᠳᠤᠭ ᠪᠠᠯᠴᠢᠬᠡᠷ ‍ᠤᠨ‌‍ᠲ᠋ᠠᠭᠠᠭᠠᠴᠠ ᠠᠴᠠ ᠬᠡᠳᠣᠷᠡᠳᠠᠯ᠎ᠠ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠢᠴᠢ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
                       2 ᠰᠠᠷ᠎ᠠ ᠶᠢᠨ 22 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠨᠤᠲᠤᠭ ᠪᠡᠯᠴᠢᠭᠡᠷ ᠤᠨ  ᠲᠠᠭᠠᠭᠠᠴᠠ  ᠠᠴᠠ ᠬᠡᠳᠣᠷᠠᠳᠠᠯ᠎ᠠ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠢᠴᠢ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠲᠠᠷᠤᠭ᠎ᠠ ᠬᠠᠢ ᠱᠠᠨ ᠬᠤᠷᠠᠯ ᠡᠷᠬᠢᠯᠠᠨ᠂ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠳᠤ ᠣᠷᠣᠯᠴᠠᠵᠠᠢ᠃
      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢ ᠤᠯᠤᠰ ᠲᠦᠷᠦ  ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯᠲᠡ ᠲᠠᠨᠢᠯᠲᠠ ᠪᠠᠨ ᠨᠢᠭᠡᠳᠬᠡᠵᠦ᠂ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠣᠷᠠᠳᠠᠯ᠎ᠠ ᠮᠠᠯᠵᠢᠬᠤ ᠠᠰᠠᠭᠤᠳᠠᠯ ᠤᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠣᠷᠠᠳᠠᠯ᠎ᠠ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠠᠮᠢ ᠠᠬᠤᠢ ᠶᠢᠨ ᠢᠨᠵᠧᠨᠧᠷᠢᠩ ᠪᠠ ᠠᠷᠠᠳ  ᠤᠨ ᠠᠮᠢᠳᠤᠷᠠᠯ ᠤᠨ ᠠᠵᠢᠯ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂  ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠮᠡᠴᠡᠨ ᠣᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠨᠤᠲᠤᠭ ᠪᠡᠯᠴᠢᠭᠡᠷ ᠤᠨ ᠳᠠᠭᠠᠭᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠤᠯᠬᠤ ᠬᠡᠷᠡᠭᠳᠠᠢ ᠬᠡᠵᠡᠢ᠃
       ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠮᠠᠯ ᠠᠵᠦ ᠠᠬᠤᠢ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃    ᠬᠤᠷᠠᠯ ᠠᠴᠠ᠂ ︽ ᠪᠠᠷᠠᠭᠤᠨ ᠦᠵᠦᠮᠦᠴᠢᠨ ᠬᠤᠰᠢᠭᠤᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠂ ︽ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠪᠡᠯᠴᠢᠭᠡᠷ ᠤᠨ ᠲᠠᠭᠠᠭᠠᠴᠠ ᠠᠴᠠ ᠬᠡᠳᠣᠷᠠᠳᠠᠯ᠎ᠠ ᠮᠠᠯᠵᠢᠬᠤ ᠠᠰᠠᠭᠤᠳᠠᠯ ᠢ ᠰᠠᠢᠳᠪᠤᠷᠢᠯᠠᠬᠦ ᠲᠤᠷᠰᠢᠯᠲᠠ ᠶᠢᠨ ᠴᠡᠭ ᠤᠨ ᠲᠥᠰᠥᠯ︾᠂ ︽ᠪᠠᠷᠠᠭᠤᠨ ᠦᠵᠦᠮᠦᠴᠢᠨ ᠬᠤᠰᠢᠭᠤᠨ ᠤ  ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ ᠢ ᠡᠭᠦᠳᠦᠨ ᠪᠠᠶᠢᠭᠤᠯᠬᠤ ᠠᠵᠢᠯᠯᠠᠭᠠᠨ ᠤ ᠲᠥᠰᠥᠯ ︵2024 ︱ 2027︶︾ ᠵᠡᠷᠭᠡ ᠪᠢᠴᠢᠭ ᠮᠠᠲ᠋ᠧᠷᠢᠶᠠᠯ ᠳᠤ ᠨᠠᠷᠢᠨ ᠲᠠᠶᠢᠯᠪᠤᠷᠢᠯᠠᠯᠳᠠ ᠬᠢᠵᠡᠢ᠃   ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ ᠰᠠᠨᠠᠯ ᠢᠶᠠᠨ ᠰᠣᠯᠢᠯᠴᠠᠵᠡᠢ᠃   ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠦ ᠠᠬᠤᠢ ᠪᠠ ᠰᠢᠨᠵᠢᠯᠠᠬᠦ ᠤᠬᠠᠭᠠᠨ ᠲᠧᠩᠨᠢᠩ ᠮᠠᠷᠬᠡᠵᠢᠯ ᠤᠨ ᠲᠤᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号