ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2024/2/27
    ᠨᠢᠭᠡᠳᠦᠭᠡᠷ ᠵᠦᠢᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠂ ᠵᠢᠩᠬᠢᠨᠢ ᠰᠠᠯᠠᠭᠠᠨ ᠤ ᠲᠠᠰ ᠪᠣᠯᠣᠨ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠠᠴᠠ ᠨᠢᠭᠡᠳᠦᠯᠲᠡᠢ ᠬᠠᠮᠢᠶᠠᠷᠴᠤ ᠵᠣᠬᠢᠴᠠᠭᠤᠯᠤᠨ᠎ᠠ᠃ ᠭᠤᠷᠪᠠᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠣᠶ ᠰᠢᠭᠤᠢ ᠪᠠ ᠨᠤᠲᠤᠭ ᠪᠡᠯᠴᠢᠭᠡᠷ ᠤᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠰᠢᠭᠤᠢ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠶ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠪᠠ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠬᠤᠶᠠᠷ︶ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ ᠪᠣᠶᠢᠵᠢᠭᠤᠯᠤᠨ ᠡᠵᠡᠩᠨᠡᠬᠦ ᠶᠢ ᠵᠢᠯᠤᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠮᠣᠳᠣ ᠳᠠᠷᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠣᠶ ᠰᠢᠭᠤᠶᠢᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢᠨ ᠬᠠᠮᠲᠤ ᠲᠡᠭᠦᠨ ᠳᠤ ᠣᠷᠣᠯᠴᠠᠨ᠎ᠠ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠬᠤ᠂ ᠰᠠᠶᠢᠵᠢᠷᠠᠭᠤᠯᠬᠤ ᠪᠠ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠤᠢ ᠰᠢᠭᠤᠢ ᠪᠣᠯᠣᠨ ᠨᠤᠲᠤᠭ ᠪᠡᠯᠴᠢᠭᠡᠷ ᠣᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃   ︵ᠭᠤᠷᠪᠠ︶ ᠪᠥᠬᠦ ᠬᠤᠰᠢᠭᠤᠨ ᠤ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠰᠢᠭᠤᠢ ᠶᠢᠨ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶᠢᠲᠤ ᠭᠠᠵᠠᠷ ᠪᠠ ᠨᠤᠲᠤᠭ ᠪᠡᠯᠴᠢᠭᠡᠷ ᠤᠨ ᠬᠠᠮᠢᠶᠠᠷᠤᠯᠲᠠ ᠶᠢ ᠬᠠᠷᠢᠭᠤᠴᠠᠵᠤ᠂ ᠣᠶᠢᠲᠤ ᠭᠠᠵᠠᠷ ᠪᠠ ᠨᠤᠲᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠨᠡᠶᠢᠲᠡ ᠶᠢᠨ ᠠᠰᠠᠷᠠᠮᠵᠢ ᠶᠢᠨ ᠤᠢ ᠶᠢ ᠢᠯᠭᠠᠨ ᠲᠣᠭᠲᠠᠭᠠᠬᠤ ᠠᠵᠢᠯ ᠢ ᠬᠠᠮᠵᠢᠯᠴᠠᠨ ᠥᠷᠨᠢᠭᠦᠯᠵᠦ᠂ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠤᠢ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠨᠤᠲᠤᠭ ᠪᠡᠯᠴᠢᠭᠡᠷ ᠤᠨ ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠨ ᠬᠡᠷᠡᠭᠯᠡᠬᠦ ᠲᠥᠷᠥᠯ ᠵᠦᠢᠯ ᠢ ᠠᠩᠬ᠎ᠠ ᠬᠢᠨᠠᠬᠤ᠂ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃      ︵ᠳᠥᠷᠪᠡ︶ ᠪᠥᠬᠦ ᠬᠤᠰᠢᠭᠤᠨ ᠤ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠡᠯᠡᠰᠦᠨ ᠴᠥᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠯᠡᠰᠦᠵᠢᠭᠰᠡᠨ ᠪᠠ ᠡᠯᠡᠰᠦᠵᠢᠭᠰᠡᠨ ᠭᠠᠵᠠᠷ ᠰᠢᠷᠣᠢ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠲᠠᠪᠤ︶ ᠪᠥᠬᠦ ᠬᠤᠰᠢᠭᠤᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠲᠤᠰᠠᠯᠠᠵᠤ ᠦᠷᠡᠵᠢᠭᠦᠯᠦᠨ ᠪᠣᠶᠢᠵᠢᠭᠤᠯᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠵᠢᠯᠤᠭᠤᠳᠴᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠣᠶᠢᠵᠢᠭᠤᠯᠵᠤ ᠪᠣᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃     ︵ᠵᠢᠷᠭᠤᠭ᠎ᠠ︶ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠢᠭᠤᠴᠠᠨ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠦᠪᠵᠢᠭᠦᠯᠭᠡ ᠶᠢ ᠲᠣᠭᠲᠠᠭᠠᠨ᠎ᠠ ᠬᠤᠰᠢᠭᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠦᠨ᠎ᠡ᠃ ᠪᠠᠶᠢᠭᠠᠯᠢ ᠶᠢᠨ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     ︵ᠲᠤᠯᠤᠭ᠎ᠠ︶ ᠤᠯᠤᠰ ᠣᠨ ᠥᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠵᠤᠯᠵᠠᠭ᠎ᠠ ᠮᠣᠳᠣᠨ ᠣ ᠬᠦᠷᠢᠶᠡᠯᠡᠩ ᠣᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢ ᠵᠢᠯᠣᠭᠤᠳᠤᠨ᠎ᠠ᠃ ᠣᠶ ᠮᠣᠳᠣᠨ ᠤ ᠦᠷ᠎ᠡ ᠪᠠ ᠡᠪᠡᠰᠦᠨ ᠤ ᠵᠦᠢᠯ ᠵᠦᠢᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠣᠶ ᠰᠢᠭᠤᠢ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠶᠢ ᠬᠠᠷᠢᠭᠤᠴᠠᠨ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠡᠭᠦᠯᠳᠡᠷ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠵᠤᠯᠵᠠᠭ᠎ᠠ ᠮᠣᠳᠣ᠂ ᠡᠪᠡᠰᠦᠨ ᠤ ᠡᠭᠦᠯᠳᠡᠷ ᠤᠨ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃    ︵ᠨᠠᠢᠮᠠ︶ ᠡᠯ᠎ᠡ ᠠᠵᠤ ᠦᠢᠯᠡᠰ ᠤᠨ ᠬᠥᠭᠵᠢᠯᠲᠡ ᠶᠢᠨ ᠣᠶ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠨᠤᠭᠤ ᠭᠠᠵᠠᠷ᠂ ᠡᠯᠡᠰᠦᠨ ᠴᠥᠯ᠂ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠡᠬᠢ ᠪᠠᠶᠠᠯᠢᠭ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠷᠥ ᠶᠢᠨ ᠪᠣᠳᠣᠯᠭ᠎ᠠ ᠪᠠ ᠬᠠᠮᠢᠶ᠎ᠠ ᠪᠦᠬᠦᠢ ᠣᠶ ᠰᠢᠭᠤᠢ ᠡᠪᠡᠰᠦᠨ ᠤ ᠠᠵᠤ ᠦᠢᠯᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠣᠶ ᠰᠢᠭᠤᠢ ᠡᠪᠡᠰᠦ ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠠᠸᠠᠷ ᠤᠨ ᠣᠶ ᠶᠢᠨ ᠬᠥᠭᠵᠢᠯᠲᠡ ᠪᠠ ᠠᠰᠢᠭᠯᠠᠯᠲᠠ ᠶᠢ ᠵᠢᠯᠣᠭᠤᠳᠤᠨ᠎ᠠ᠃ ᠣᠶ ᠰᠢᠭᠤᠢ ᠡᠪᠡᠰᠦᠨ ᠤ ᠠᠵᠤ ᠦᠢᠯᠡᠰ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠶᠢ ᠵᠢᠯᠣᠭᠤᠳᠤᠨ᠎ᠠ ᠠᠮᠢ ᠠᠬᠤᠢ ᠪᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃     ︵ᠶᠢᠰᠦ︶ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠭᠠᠯ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠩᠬ᠎ᠠ ᠡᠭᠦᠰᠦᠭᠰᠡᠨ ᠭᠠᠯ ᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠵᠢᠯᠤᠭᠤᠳᠴᠤ᠂ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠢᠯᠣᠭᠤᠳᠤᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠴᠢᠬᠤᠯᠠ ᠲᠠᠢ ᠦᠶ᠎ᠡ ᠳᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠡᠪᠰᠢᠭᠦᠯᠵᠦ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠤᠨ᠎ᠠ᠃    ︵ᠠᠷᠪᠠ︶ ᠪᠥᠬᠦ ᠬᠤᠰᠢᠭᠤᠨ ᠤ ᠣᠶ ᠰᠢᠭᠤᠢ᠂ ᠨᠤᠲᠤᠭ ᠪᠡᠯᠴᠢᠭᠡᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃    ︵ᠠᠷᠪᠠᠨ ᠨᠢᠭᠡ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ ᠠᠬᠢᠭᠤᠯᠤᠨ᠎ᠠ᠃ ᠪᠥᠬᠦ ᠬᠤᠰᠢᠭᠤᠨ ᠤ ᠬᠠᠮᠲᠤ ᠶᠢᠨ ᠣᠶ ᠮᠣᠳᠣᠨ ᠤ ᠡᠷᠬᠡ ᠶᠢᠨ ᠳᠦᠷᠢᠮ᠂ ᠭᠤᠣᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠰᠠᠨᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠢ᠂ ᠨᠤᠲᠤᠭ ᠪᠡᠯᠴᠢᠭᠡᠷ ᠤᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠬᠠᠷᠢᠭᠤᠴᠠᠨ᠎ᠠ᠃ ᠲᠠᠷᠢᠶᠠᠯᠠᠬᠤ ᠶᠢ ᠵᠣᠭᠰᠣᠭᠠᠵᠤ ᠮᠠᠯᠵᠢᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠢ ᠶᠢ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠠᠷᠪᠠᠨ ᠬᠤᠶᠠᠷ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠮᠡᠳᠡᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠤ ᠠᠬᠤᠢ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ    ︵ᠠᠷᠪᠠᠨ ᠭᠤᠷᠪᠠ︶ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠬᠠᠭᠤᠯᠭ᠎ᠠ ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠠᠵᠢᠯ ᠢ ᠵᠢᠯᠣᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠣᠶ ᠰᠢᠭᠤᠢ ᠪᠠ ᠲᠠᠯ᠎ᠠ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠥᠷᠨᠢᠭᠦᠯᠦᠨ᠎ᠡ᠃ ᠴᠢᠭᠢᠭᠯᠢᠭ ᠭᠠᠵᠠᠷ᠂ ᠴᠥᠯᠡᠷᠬᠡᠭᠵᠢᠯ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃    ︵ᠠᠷᠪᠠᠨ ᠳᠥᠷᠪᠡ︶ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠥᠭᠡᠷᠡᠴᠢᠯᠡᠯᠲᠡ ᠶᠢᠨ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠦᠢᠯᠡᠳᠪᠦᠷᠢᠯᠡᠯ ᠡᠵᠡᠩᠨᠡᠯᠲᠡ᠂ ᠣᠶ ᠰᠢᠭᠤᠢ ᠶᠢᠨ ᠨᠡᠭᠡᠭᠡᠨ ᠠᠰᠢᠭᠯᠠᠯᠲᠠ ᠵᠡᠷᠭᠡ ᠠᠵᠢᠯ ᠢ ᠬᠠᠮᠢᠶᠠᠷᠬᠤ ᠪᠠ ᠵᠢᠯᠣᠭᠤᠳᠤᠨ᠎ᠠ᠃    (ᠠᠷᠪᠠᠨ ᠲᠠᠪᠤ) ᠠᠵᠢᠯ ᠲᠤᠶᠢᠷᠦᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠢ ᠪᠠᠶᠢᠬᠤ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠤᠶᠢᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠨ᠎ᠡ᠃    ︵ᠠᠷᠪᠠᠨ ᠵᠢᠷᠭᠤᠭ᠎ᠠ︶ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠷᠴᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠎ᠠ᠃   ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠠᠢᠮᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠶᠡᠬᠡᠪᠡᠷ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠎ᠠ︔ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠢᠯᠭᠠᠷᠠᠭᠤᠯᠤᠨ ᠵᠢᠷᠤᠮᠵᠢᠭᠤᠯᠬᠤ ᠪᠠ ᠨᠡᠶᠢᠯᠡᠭᠦᠯᠦᠨ ᠨᠡᠶᠢᠯᠡᠭᠦᠯᠬᠦ ᠠᠵᠢᠯ ᠢ ᠨᠢᠭᠡᠳᠦᠯᠲᠡᠢ ᠲᠦᠯᠬᠢᠨ ᠠᠬᠢᠭᠤᠯᠤᠨ᠎ᠠ᠃     ︵ᠠᠷᠪᠠ ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠰᠢᠭᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠢ ᠰᠢᠭᠤᠢ ᠪᠣᠯᠣᠨ ᠨᠤᠲᠤᠭ ᠪᠡᠯᠴᠢᠭᠡᠷ ᠟ᠣᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠯᠲᠡ ᠶᠢᠨ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠠᠩᠬ᠎ᠠ ᠡᠭᠦᠰᠦᠭᠰᠡᠨ ᠭᠠᠯ ᠤᠨ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠠ ᠠᠶᠤᠯᠭᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠵᠣᠯᠭᠠᠭᠤᠯᠬᠤ ᠠᠵᠢᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ᠃ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠤᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠬᠤᠶᠠᠷ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠨᠢᠭᠡᠳᠦᠯᠲᠡᠢ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠬᠠᠮᠲᠤᠪᠠᠷ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃     ᠳᠥᠷᠪᠡᠳᠦᠭᠡᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄     ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠪᠠᠶᠢᠭᠤᠯᠭ᠎ᠠ ᠶᠢᠨ ᠵᠠᠰᠠᠭ ᠤᠨ ᠶᠠᠪᠤᠳᠠᠯ᠂ ᠬᠡᠷᠡᠭ ᠶᠠᠪᠤᠳᠠᠯ᠂ ᠦᠢᠯᠡᠴᠢᠯᠡᠭᠡᠨ ᠤ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ ᠡᠳᠦᠷ ᠲᠤᠲᠤᠮ ᠤᠨ ᠴᠠᠬᠢᠯᠭᠠᠨ ᠮᠡᠳᠡᠭᠡ ᠰᠢᠢᠳᠪᠦᠷᠢᠯᠡᠬᠦ᠂ ᠪᠢᠴᠢᠭ ᠮᠠᠲ᠋ᠧᠷᠢᠶᠠᠯ ᠡᠬᠡ ᠪᠢᠴᠢᠭ ᠲᠤᠭᠤᠷᠪᠢᠬᠤ᠂ ᠬᠤᠷᠠᠯ ᠤᠨ ᠪᠡᠯᠡᠳᠬᠡᠯ ᠵᠣᠬᠢᠶᠠᠨ ᠪᠠᠶᠢᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠨᠢᠭᠤᠴᠠ ᠴᠢᠬᠤᠯᠠ ᠵᠦᠢᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠬᠥᠳᠡᠯᠮᠦᠷᠢ ᠶᠢᠨ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠬᠠᠷᠠᠯᠲᠠᠲᠤ ᠬᠢᠨᠠᠨ ᠰᠢᠯᠭᠠᠯᠲᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠠᠵᠢᠯ ᠢ ᠡᠭᠦᠷᠭᠡᠯᠡᠨ᠎ᠡ᠃ ᠵᠢᠷᠤᠮᠵᠢᠯ ᠣᠨ ᠴᠢᠨᠠᠷᠲᠠᠢ ᠪᠢᠴᠢᠭ  ᠮᠠᠲ᠋ᠧᠷᠢᠶᠡᠯ ᠣᠨ ᠬᠠᠤᠯᠢ ᠶᠣᠰᠣᠨ ᠣ ᠴᠢᠨᠠᠷᠲᠠᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠭᠦ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠡᠩᠨᠡᠭᠡᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠨ᠎ᠡ᠃ ᠣᠢ ᠰᠢᠭᠤᠢ ᠪᠠ ᠨᠤᠲᠤᠭ ᠪᠡᠯᠴᠢᠭᠡᠷ ᠤᠨ ᠪᠡᠯᠡ ᠮᠥᠩᠭᠦ᠂ ᠰᠠᠯᠠᠭ᠎ᠠ ᠮᠥᠴᠢᠷ ᠤᠨ ᠲᠥᠰᠥᠪ ᠵᠢᠴᠢ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠠ ᠵᠦᠢᠯᠡᠰ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠮᠢ ᠠᠬᠤᠢ ᠪᠠᠷ ᠶᠠᠳᠠᠭᠤ ᠶᠢ ᠲᠡᠳᠬᠦᠬᠦ ᠪᠠ ᠬᠤᠯᠪᠣᠭᠳᠠᠯ ᠪᠦᠬᠦᠢ ᠠᠮᠢ ᠠᠬᠤᠢ ᠶᠢᠨ ᠨᠥᠬᠦᠪᠦᠷᠢ ᠶᠢᠨ ᠳᠦᠷᠢᠮ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠬᠤ ᠳᠤ ᠣᠷᠣᠯᠴᠠᠨ᠎ᠠ᠃ ᠭᠠᠳᠠᠭᠠᠳᠤ ᠳᠤ ᠬᠤᠯᠪᠣᠭᠳᠠᠬᠤ᠂ ᠭᠠᠳᠠᠭᠠᠳᠤ ᠳᠤ ᠲᠤᠰᠠᠯᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠮᠡᠳᠡᠭᠦᠯᠬᠦ ᠶᠢᠨ ᠬᠠᠮᠲᠤ ᠵᠢᠯᠤᠭᠤᠳᠴᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠶᠢ ᠥᠷᠨᠢᠭᠦᠯᠦᠨ᠎ᠡ᠃ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠣᠨ ᠬᠠᠷᠢᠶ᠎ᠠ ᠨᠢᠭᠡᠴᠡ ᠶᠢᠨ ᠲᠥᠯᠥᠪᠯᠡᠭᠡ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠣᠨ ᠢᠶᠠᠷ ᠲᠣᠭᠲᠠᠭᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠭᠦᠷᠭᠡ ᠳᠤ ᠬᠠᠷᠢᠭᠤᠴᠠᠯᠭ᠎ᠠ ᠶᠢᠨ ᠵᠠᠳᠠᠯᠤᠯᠲᠠ ᠬᠢᠵᠦ᠂ ᠠᠵᠢᠯ ᠤᠨ ᠬᠠᠷᠠᠯᠲᠠ᠂ ᠠᠷᠭ᠎ᠠ ᠬᠡᠮᠵᠢᠶ᠎ᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃      ︵ᠬᠤᠶᠠᠷ︶ ᠡᠯᠡᠰᠦ ᠶᠢ ᠵᠠᠰᠠᠵᠤ ᠣᠶᠢᠵᠢᠭᠤᠯᠬᠤ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠬᠠᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠣᠨ ᠮᠡᠷᠭᠡᠵᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠭᠰᠡᠨ ᠬᠤᠷᠢᠭᠠᠲᠠᠢ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠵᠢᠴᠢ ᠣᠨ ᠤ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠪᠠᠭᠤᠯᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠢ ᠰᠢᠭᠤᠢ ᠶᠢᠨ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠲᠥᠯᠦᠪᠵᠢᠭᠦᠯᠭᠡ ᠬᠢᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠢ ᠰᠢᠭᠤᠢ ᠶᠢᠨ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠷᠦᠩᠬᠡᠶᠢᠯᠡᠨ ᠬᠠᠮᠢᠶᠠᠷᠴᠤ᠂ ᠮᠣᠳᠣ ᠲᠡᠷᠢᠵᠦ ᠣᠶᠢᠵᠢᠭᠤᠯᠬᠤ᠂ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠪᠠ ᠡᠪᠡᠰᠦ ᠮᠣᠳᠣ ᠲᠡᠷᠢᠬᠤ ᠵᠡᠷᠭᠡ ᠠᠮᠢᠳᠤ ᠪᠣᠳᠠᠰ ᠤᠨ ᠠᠷᠭ᠎ᠠ ᠬᠡᠮᠵᠢᠶ᠎ᠡ ᠪᠠᠷ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ ᠤᠢ ᠰᠢᠭᠤᠢ ᠶᠢᠨ ᠠᠮᠢ ᠠᠬᠤᠢ ᠶᠢᠨ ᠨᠥᠬᠦᠪᠦᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯᠡᠰᠦᠨ ᠴᠥᠯ ᠤᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠡᠯᠡᠰᠦᠨ ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠴᠠᠭᠤᠯᠤᠨ ᠬᠠᠮᠵᠢᠯᠴᠠᠨ᠎ᠠ᠃ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠣᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠪᠠ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠠᠵᠢᠯ ᠢ ᠬᠠᠷᠢᠭᠤᠴᠠᠨ᠎ᠠ᠃ ᠡᠷᠲᠡᠨ ᠤ ᠮᠣᠳᠣ ᠨᠠᠷᠠᠲᠤ ᠮᠣᠳᠣ᠂ ᠣᠶ ᠰᠢᠭᠤᠢ ᠶᠢᠨ ᠦᠢᠯᠡᠰ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ︵ᠭᠤᠷᠪᠠ︶ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠲ᠋ᠣᠺ᠃ ᠪᠥᠬᠦ ᠬᠤᠰᠢᠭᠤᠨ ᠤ ᠣᠶ ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠣᠶ ᠰᠢᠭᠤᠢ ᠶᠢᠨ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠬᠢᠨᠠᠨ ᠰᠢᠨᠵᠢᠬᠦ ᠪᠠ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠢ ᠶᠢᠨ ᠡᠬᠢ ᠪᠠᠶᠠᠯᠢᠭ ᠢ ᠬᠢᠨᠠᠨ ᠬᠠᠮᠢᠶᠠᠷᠴᠤ᠂ ᠣᠶᠢᠲᠤ ᠭᠠᠵᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠢ ᠶᠢᠨ ᠡᠵᠡᠩᠨᠡᠯᠲᠡ ᠶᠢᠨ ᠲᠥᠯᠦᠪᠵᠢᠭᠦᠯᠭᠡ ᠪᠠ ᠣᠶ ᠰᠢᠭᠤᠢ ᠶᠢᠨ ᠡᠵᠡᠩᠨᠡᠯᠲᠡ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ ᠮᠣᠳᠣ ᠶᠢ ᠭᠡᠷᠡᠴᠢ ᠲᠡᠮᠳᠡᠭ ᠢᠶᠠᠷ ᠣᠭᠲᠣᠯᠬᠤ᠂ ᠵᠥᠭᠡᠭᠡᠪᠦᠷᠢᠯᠡᠬᠦ ᠳᠤ ᠬᠢᠨᠠᠯᠲᠠ ᠲᠠᠯᠪᠢᠨ᠎ᠠ᠃ ᠦᠨᠳᠦᠰᠦᠨ ᠱᠠᠲᠤᠨ ᠤ ᠤᠢ ᠰᠢᠭᠤᠢ ᠶᠢᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠣᠢ ᠰᠢᠭᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ᠣᠶ ᠰᠢᠭᠤᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠤᠯᠤᠰ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠠᠮᠢᠶᠠᠷᠴᠤ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠬᠠᠮᠠᠭᠠᠯᠠᠵᠤ ᠬᠥᠭᠵᠢᠭᠦᠯᠬᠦ ᠲᠥᠯᠦᠪᠵᠢᠭᠦᠯᠭᠡ ᠲᠣᠭᠲᠠᠭᠠᠨ᠎ᠠ᠃ ᠬᠤᠰᠢᠭᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠲᠣᠬᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ ᠳᠠᠷᠠᠭᠠᠯᠠᠯ ᠢᠶᠠᠷ ᠮᠡᠳᠡᠭᠦᠯᠦᠨ ᠵᠥᠪᠰᠢᠶᠡᠷᠡᠭᠦᠯᠦᠨ᠎ᠡ᠃ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠠᠮᠢ ᠠᠬᠤᠢ ᠶᠢ ᠰᠡᠷᠭᠦᠭᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠡᠯᠡᠬᠡᠢ ᠶᠢᠨ ᠪᠠᠶᠢᠭᠠᠯᠢ ᠶᠢᠨ ᠥᠪ ᠤᠨ ᠵᠦᠢᠯᠡᠰ ᠪᠠ ᠳᠡᠯᠡᠬᠡᠢ ᠶᠢᠨ ᠪᠠᠶᠢᠭᠠᠯᠢ ᠬᠢᠭᠡᠳ ᠰᠣᠶᠣᠯ ᠤᠨ ᠳᠠᠪᠬᠤᠷ ᠥᠪ ᠤᠨ ᠵᠦᠢᠯᠡᠰ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢ ᠬᠢᠨᠠᠵᠤ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠤᠭᠤ ᠭᠠᠵᠠᠷ ᠢ ᠬᠠᠮᠠᠭᠠᠯᠠᠬᠤ ᠠᠵᠢᠯ ᠢ ᠬᠠᠷᠢᠭᠤᠴᠠᠨ᠂ ᠨᠤᠭᠤ ᠭᠠᠵᠠᠷ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ᠂ ᠠᠮᠢ ᠠᠬᠤᠢ ᠶᠢ ᠰᠡᠷᠭᠦᠭᠡᠬᠦ᠂ ᠠᠮᠢ ᠠᠬᠤᠢ ᠶᠢ ᠨᠥᠬᠦᠪᠦᠷᠢᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ ᠨᠤᠭᠤ ᠭᠠᠵᠠᠷ ᠪᠠ ᠨᠤᠭᠤ ᠭᠠᠵᠠᠷ ᠤᠨ ᠴᠡᠴᠡᠷᠯᠢᠭ ᠢ ᠬᠢᠨᠠᠨ ᠬᠠᠮᠢᠶᠠᠷᠴᠤ᠂ ᠨᠤᠭᠤ ᠭᠠᠵᠠᠷ ᠤᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠣᠯᠠᠨ ᠤᠯᠤᠰ ᠤᠨ ᠨᠤᠭᠤ ᠭᠠᠵᠠᠷ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠡᠷᠭᠡ ᠨᠡᠶᠢᠲᠡ ᠶᠢᠨ ᠭᠡᠷ᠎ᠡ ᠶᠢ ᠬᠡᠷᠡᠭᠵᠢᠭᠦᠯᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠴᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠥᠳᠡᠯᠦᠩᠭᠦᠢ ᠬᠢᠨᠠᠨ ᠬᠡᠮᠵᠢᠯᠲᠡ ᠬᠢᠭᠡᠳ ᠦᠨᠡᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ᠂ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠨ ᠬᠥᠭᠵᠢᠭᠦᠯᠬᠦ᠂ ᠬᠢᠵᠢᠭ ᠤᠨ ᠢᠷᠡᠯᠲᠡ ᠲᠠᠢ ᠬᠢᠵᠢᠭ ᠡᠪᠡᠳᠴᠢᠨ ᠢ ᠬᠢᠨᠠᠨ ᠬᠡᠮᠵᠢᠬᠦ ᠶᠢ ᠵᠢᠯᠤᠭᠤᠳᠴᠤ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ ᠲᠡᠭᠦᠵᠦ ᠴᠤᠭᠯᠠᠭᠤᠯᠬᠤ᠂ ᠬᠥᠮᠥᠨ ᠤ ᠬᠦᠴᠦ ᠪᠠᠷ ᠦᠷᠡᠵᠢᠭᠦᠯᠦᠨ ᠪᠣᠶᠢᠵᠢᠭᠤᠯᠬᠤ ᠪᠤᠶᠤ ᠪᠣᠶᠢᠵᠢᠭᠤᠯᠵᠤ᠂ ᠡᠵᠡᠩᠨᠡᠨ ᠠᠰᠢᠭᠯᠠᠬᠤ ᠶᠢ ᠬᠢᠨᠠᠨ ᠬᠠᠮᠢᠶᠠᠷᠤᠨ᠎ᠠ᠃     (ᠲᠤᠶᠢᠷᠪᠡ) ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠰᠲ᠋ᠣᠺ᠃ ᠨᠤᠲᠤᠭ ᠪᠡᠯᠴᠢᠭᠡᠷ ᠣᠨ ᠬᠠᠮᠠᠭᠠᠯᠠᠯᠲᠠ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ‌ᠣᠨ ᠵᠠᠰᠠᠭ ᠵᠠᠬᠢᠷᠭᠠᠨ‌ᠣ ᠬᠠᠤᠯᠢ ᠬᠡᠷᠡᠭᠵᠢᠭᠦᠯᠬᠦ ᠠᠵᠢᠯ‌ᠢ ᠬᠠᠷᠢᠭᠤᠴᠠᠨ ᠵᠢᠯᠤᠭᠤᠳᠴᠤ᠂ ᠨᠤᠲᠤᠭ ᠪᠡᠯᠴᠢᠭᠡᠷ‌ᠢ ᠡᠪᠳᠡᠭᠰᠡᠨ ᠬᠦᠨᠳᠦ ᠶᠡᠭᠡ ᠬᠡᠷᠡᠭ‌ᠢ ᠵᠣᠬᠢᠴᠠᠭᠤᠯᠤᠨ ᠰᠢᠢᠳᠪᠦᠷᠢᠯᠡᠵᠦ᠂ ᠬᠡᠭᠡᠷ᠎ᠡ ᠶᠢᠨ ᠡᠮ‌‍ᠲ᠋ᠤ ᠣᠷᠣᠬᠤ ᠤᠷᠭᠤᠮᠠᠯ‌ᠢ ᠳᠤᠷ᠎ᠠ ᠪᠠᠷ ᠢᠶᠠᠨ ᠲᠡᠭᠦᠵᠦ ᠳᠤᠷ᠎ᠠ ᠪᠠᠷ ᠢᠶᠠᠨ ᠮᠠᠯᠲᠠᠬᠤ ᠶᠢ ᠵᠠᠰᠠᠬᠤ ᠠᠵᠢᠯ‌ᠢ ᠵᠢᠯᠣᠭᠤᠳᠤᠨ ᠥᠷᠨᠢᠭᠦᠯᠦᠨ᠎ᠡ᠃ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠲᠥᠷᠥᠯ ᠵᠦᠢᠯ ᠢ ᠠᠩᠬ᠎ᠠ ᠬᠢᠨᠠᠬᠤ᠂ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃     ︵ᠲᠠᠪᠤ︶ ᠨᠤᠲᠤᠭ ᠪᠡᠯᠴᠢᠭᠡᠷ ᠣᠨ ᠪᠦᠲᠦᠭᠡᠨ ᠪᠠᠶᠢᠭᠤᠯᠤᠯᠲᠠ ᠶᠢᠨ ᠰᠡᠯᠪᠢᠨ ᠰᠡᠷᠭᠦᠭᠡᠬᠦ ᠰᠲ᠋ᠣᠺ᠃ ᠨᠤᠲᠤᠭ ᠪᠡᠯᠴᠢᠭᠡᠷ ᠢ ᠪᠦᠲᠦᠭᠡᠨ ᠪᠠᠶᠢᠭᠤᠯᠵᠤ ᠰᠡᠷᠭᠦᠭᠡᠨ ᠵᠠᠰᠠᠬᠤ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠰᠡᠷᠭᠦᠭᠡᠨ ᠵᠠᠰᠠᠬᠤ ᠪᠠ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ ᠪᠠ ᠦᠷ᠎ᠡ ᠠᠰᠢᠭ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠡᠪᠡᠳᠴᠢᠨ ᠵᠡᠷᠭᠡ ᠬᠥᠨᠥᠭᠡᠯᠲᠡᠢ ᠠᠮᠢᠳᠤ ᠪᠣᠳᠠᠰ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ᠂ ᠪᠦᠷᠢᠳᠬᠡᠨ ᠦᠨᠡᠯᠡᠬᠦ ᠵᠢᠴᠢ ᠨᠤᠲᠤᠭ ᠪᠡᠯᠴᠢᠭᠡᠷ ᠤᠨ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠦᠨᠳᠦᠰᠦᠨ ᠱᠠᠲᠤᠨ ᠣ ᠨᠤᠲᠤᠭ ᠪᠡᠯᠴᠢᠭᠡᠷ ᠣᠨ ᠦᠢᠯᠡᠴᠢᠯᠡᠭᠡᠨ ᠣ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠵᠢᠯᠣᠭᠤᠳᠤᠨ᠎ᠠ᠃     ︵ᠵᠢᠷᠭᠤᠭ᠎ᠠ︶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠃ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠲᠦᠷᠦ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠣᠨ ᠴᠢᠳᠠᠮᠵᠢᠲᠤ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠨᠤᠲᠤᠭ ᠪᠡᠯᠴᠢᠭᠡᠷ ᠤᠨ ᠪᠡᠯᠴᠢᠭᠡᠷ ᠥᠨᠵᠢᠭᠦᠯᠬᠦ᠂ ᠰᠡᠯᠭᠦᠨ ᠮᠠᠯᠵᠢᠬᠤ ᠪᠠ ᠪᠠᠶᠢᠭᠠᠯᠢ ᠶᠢᠨ ᠬᠠᠳᠤᠯᠠᠩ ᠪᠡᠯᠴᠢᠭᠡᠷ ᠢ ᠠᠰᠢᠭᠯᠠᠬᠤ ᠠᠵᠢᠯ ᠢ ᠵᠢᠯᠣᠭᠤᠳᠤᠨ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠳᠤ ᠨᠥᠬᠦᠪᠦᠷᠢ ᠥᠭᠬᠦ ᠠᠵᠢᠯ ᠢ ᠬᠡᠷᠡᠭᠵᠢᠭᠦᠯᠦᠨ᠎ᠡ᠃     ︵ᠲᠤᠯᠤᠭ᠎ᠠ︶ ᠥᠭᠡᠷᠡᠴᠢᠯᠡᠯᠲᠡ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠲ᠋ᠣᠺ᠃ ᠬᠠᠮᠲᠤ ᠶᠢᠨ ᠤᠢ ᠮᠣᠳᠣᠨ‌ᠣ ᠡᠷᠬᠡ ᠶᠢᠨ ᠳᠦᠷᠢᠮ ᠪᠣᠯᠣᠨ ᠭᠤᠣᠯᠳᠠᠯᠭ᠎ᠠ ᠲᠠᠢ ᠤᠯᠤᠰ‌ᠣᠨ ᠥᠮᠴᠢᠯᠡᠯ ᠣᠨ ᠰᠢᠭᠤᠶᠢᠲᠤ ᠣᠷᠣᠨ᠂ ᠤᠯᠤᠰ‌ᠣᠨ ᠥᠮᠴᠢᠯᠡᠯ‌ᠣᠨ ᠤᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ‌ᠢ ᠵᠢᠯᠣᠭᠤᠳᠤᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠵᠤᠯᠵᠠᠭ᠎ᠠ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠤᠭᠤᠳᠴᠤ᠂ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶ᠎ᠠ ᠪᠦᠬᠦᠢ ᠲᠥᠷᠥᠯ ᠵᠦᠢᠯ ᠢ ᠨᠠᠶᠢᠷᠠᠭᠤᠯᠤᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠮᠢᠶᠠᠷᠬᠤ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠣᠶ ᠰᠢᠭᠤᠢ ᠶᠢᠨ ᠡᠵᠡᠩᠨᠡᠯᠲᠡ ᠶᠢᠨ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠣᠶᠢᠲᠤ ᠭᠠᠵᠠᠷ᠂ ᠣᠶ ᠮᠣᠳᠣ ᠪᠠ ᠨᠤᠲᠤᠭ ᠪᠡᠯᠴᠢᠭᠡᠷ ᠤᠨ ᠡᠷᠭᠢᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠶᠢ ᠵᠢᠯᠣᠭᠤᠳᠤᠨ᠎ᠠ᠃ ᠣᠢ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶᠠᠵᠢᠭᠤᠯᠤᠯᠲᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ᠂ ᠬᠢᠨᠠᠨ ᠬᠡᠮᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠤᠢ ᠰᠢᠭᠤᠢ ᠪᠣᠯᠣᠨ ᠨᠤᠲᠤᠭ ᠪᠡᠯᠴᠢᠭᠡᠷ ᠢ ᠠᠵᠤ ᠦᠢᠯᠡᠰᠵᠢᠭᠦᠯᠦᠨ ᠬᠥᠭᠵᠢᠭᠦᠯᠬᠦ ᠲᠥᠯᠦᠪᠵᠢᠭᠦᠯᠭᠡ ᠪᠣᠯᠣᠨ ᠠᠵᠤ ᠦᠢᠯᠡᠰ ᠤᠨ ᠳᠦᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠲᠡᠭᠦᠨ ᠳᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠮᠣᠳᠣᠨ ᠣ ᠦᠷ᠎ᠡ᠂ ᠡᠪᠡᠰᠦᠨ ᠦᠷ᠎ᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠦᠨᠡᠯᠡᠬᠦ᠂ ᠠᠰᠢᠭᠯᠠᠬᠤ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ ᠰᠠᠶᠢᠨ ᠡᠭᠦᠯᠳᠡᠷ ᠢ ᠰᠣᠩᠭᠤᠨ ᠪᠣᠶᠢᠵᠢᠭᠤᠯᠬᠤ᠂ ᠬᠢᠨᠠᠨ ᠲᠣᠭᠲᠠᠭᠠᠬᠤ᠂ ᠦᠯᠢᠭᠡᠷ ᠵᠢᠱᠢᠶ᠎ᠡ ᠦᠵᠡᠭᠦᠯᠬᠦ᠂ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠪᠥᠬᠦ ᠬᠤᠰᠢᠭᠤᠨ ᠤ ᠣᠶ ᠮᠣᠳᠣᠨ ᠤ ᠦᠷ᠎ᠡ᠂ ᠡᠪᠡᠰᠦᠨ ᠦᠷ᠎ᠡ ᠶᠢᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ ᠬᠠᠮᠢᠶᠠᠷᠤᠯᠲᠠ ᠪᠠ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠰᠠᠶᠢᠨ ᠦᠷ᠎ᠡ ᠶᠢᠨ ᠰᠠᠭᠤᠷᠢᠨ ᠭᠠᠵᠠᠷ᠂ ᠪᠠᠲᠤᠯᠠᠭ᠎ᠠ ᠶᠢᠨ ᠴᠢᠨᠠᠷᠲᠠᠢ ᠵᠤᠯᠵᠠᠭ᠎ᠠ ᠮᠣᠳᠣᠨ ᠤ ᠬᠦᠷᠢᠶᠡᠯᠡᠩ᠂ ᠡᠪᠡᠰᠦᠨ ᠦᠷ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠶ ᠰᠢᠭᠤᠢ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠥᠷᠨᠢᠭᠦᠯᠦᠨ᠎ᠡ᠃     ᠲᠠᠪᠤᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 13 ᠬᠥᠮᠥᠨ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 3 ᠬᠥᠮᠥᠨ   ᠢ ᠲᠣᠬᠢᠷᠠᠭᠤᠯᠤᠨ᠎ᠠ᠃     ᠵᠢᠷᠭᠤᠳᠤᠭᠠᠷ ᠵᠦᠢᠯ ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠲᠠᠭᠠᠨ ᠲᠣᠭᠲᠠᠭᠠᠨ᠎ᠠ᠃     ᠳᠣᠯᠣᠳᠤᠭᠠᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠬᠡᠬᠦ ᠠᠵᠢᠯ ᠢ ᠬᠤᠰᠢᠭᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠬᠤᠰᠢᠭᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠰᠠᠷ᠎ᠠ ᠶᠢᠨ 28 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     ᠠᠯᠪᠠᠨ ᠭᠡᠷ ᠤᠨ ᠤᠲᠠᠰᠤ᠄ 0479-3918569     ᠠᠵᠢᠯᠯᠠᠬᠤ ᠬᠠᠶ᠋ᠢᠭ ︵ᠬᠠᠷᠢᠯᠴᠠᠬᠤ ᠬᠠᠶ᠋ᠢᠭ︶᠄ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ ᠭᠤᠣᠯ ᠪᠠᠯᠭᠠᠰᠤᠨ ᠤ ᠦᠵᠦᠮᠦᠴᠢᠨ ᠵᠡᠭᠡᠯᠢ ᠶᠢᠨ ᠪᠠᠷᠠᠭᠤᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ     ᠠᠵᠢᠯᠯᠠᠬᠤ ᠴᠠᠭ᠄ 8᠄ 30 ︱ 12᠄ 00᠂ 14᠄ 30 ︱ 17᠄ 30 ︵ᠠᠵᠢᠯᠯᠠᠬᠤ ᠡᠳᠦᠷ︶     ᠭᠤᠣᠯ ᠬᠠᠷᠢᠭᠤᠴᠠᠯᠭᠠᠲᠠᠨ᠄ ᠬᠠᠰᠪᠠᠶᠠᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号