ᠪᠠᠷᠠᠭᠤᠨ ᠦᠵᠦᠮᠦᠴᠢᠨ ᠬᠤᠰᠢᠭᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/27
                                                   2 ᠰᠠᠷ᠎ᠠ ᠶᠢᠨ 22 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠬᠤᠶᠠᠳᠤᠭᠠᠷ ᠤᠳᠠᠭᠠᠨ ᠤ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠪᠠ᠃ 1—2 ᠳ᠋ᠤᠭᠠᠷ ᠰᠠᠷ᠎ᠠ ᠶᠢᠨ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠭᠠᠮᠰᠢᠭ ᠠᠴᠠ ᠰᠡᠷᠭᠡᠶᠢᠯᠡᠵᠦ ᠭᠠᠮᠰᠢᠭ   ᠢ ᠪᠠᠭᠠᠰᠬᠠᠬᠤ ᠪᠠᠶᠢᠳᠠᠯ ᠳᠤ ᠵᠠᠳᠠᠯᠤᠯᠲᠠ ᠬᠢᠵᠦ᠂ ᠠᠰᠠᠭᠤᠳᠠᠯ ᠪᠠ ᠲᠤᠲᠠᠭᠳᠠᠯ ᠢ ᠡᠷᠢᠵᠦ᠂ ᠳᠠᠷᠠᠭ᠎ᠠ ᠠᠯᠬᠤᠮ ᠤᠨ ᠭᠤᠣᠯᠳᠠᠯᠭ᠎ᠠ  ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠬᠠᠢ ᠱᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠤᠣᠯᠳᠠᠯᠭ᠎ᠠ ᠲᠠᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
      ᠬᠤᠷᠠᠯ ᠳᠤ᠂ ︽ᠠᠯᠠᠱᠠ ᠶᠢᠨ ᠰᠢᠨ ᠵᠢᠩ ᠨᠡᠭᠦᠷᠡᠰᠦᠨ ᠤ ᠦᠢᠯᠡᠰ ᠤᠨ ᠵᠠᠳᠠᠭᠠᠢ  ᠠᠭᠤᠷᠬᠠᠢ ᠶᠢᠨ ︿2 · 22﹀ ᠤᠨ ᠣᠨᠴᠠ ᠶᠡᠭᠡ ᠨᠤᠷᠠᠵᠤ ᠶᠡᠭᠦᠷᠡᠭᠰᠡᠨ ᠠᠳᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ︾ ᠢ ᠦᠵᠡᠵᠦ᠂ 1 ᠰᠠᠷ᠎ᠠ ᠶᠢᠨ 26 ᠤ ᠡᠳᠦᠷ ᠤᠨ ᠪᠥᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠰᠦᠯᠵᠢᠶᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ 1 — 2 ᠰᠠᠷ᠎ᠠ ᠶᠢᠨ ᠪᠦᠭᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠪᠠ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠨᠡᠶᠢᠲᠡᠯᠡᠨ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠳᠤᠷᠠᠳᠤᠨ᠂ ᠳᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︽ᠠᠭᠤᠷᠬᠠᠢ ᠶᠢᠨ ᠬᠦᠷᠢᠶ᠎ᠡ ᠬᠡᠪᠴᠢᠶᠡᠨ ᠳᠠᠬᠢ ᠬᠦᠨᠳᠦ ᠶᠡᠭᠡ ᠠᠳᠠᠯ ᠬᠡᠷᠡᠭ ᠢ ᠰᠡᠷᠭᠡᠶᠢᠯᠡᠨ ᠬᠤᠷᠢᠭᠯᠠᠬᠤ ᠲᠤᠬᠠᠢ ᠴᠢᠩᠭ᠎ᠠ ᠠᠷᠭ᠎ᠠ ᠬᠡᠮᠵᠢᠶ᠎ᠡ︾ ᠶᠢ ᠤᠯᠠᠮᠵᠢᠯᠠᠪᠠ᠃     ᠬᠤᠷᠠᠯ ᠠᠴᠠ᠂ ᠠᠳᠡᠯ ᠪᠣᠯᠣᠨ ᠦᠷᠡᠭᠳᠡᠯ ᠢᠶᠠᠷ ᠲᠣᠯᠢ ᠪᠣᠯᠭᠠᠵᠤ᠂ ᠠᠯᠮᠠᠶᠢᠷᠠᠨ ᠰᠤᠯᠠᠷᠠᠬᠤ ᠶᠢ ᠡᠷᠡᠰ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ  ᠢ ᠦᠨᠳᠦᠰᠦ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠶᠢᠰᠢᠳᠠ ᠶᠢᠨ ᠭᠤᠷᠪᠠᠨ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠪᠠᠷ ᠪᠠᠷᠢᠮᠵᠢᠶ᠎ᠠ ᠪᠣᠯᠭᠠᠵᠤ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠱᠤᠭᠤᠮ ᠪᠣᠯᠭᠠᠵᠤ᠂ ᠬᠠᠪᠤᠷ ᠤᠨ ᠤᠯᠠᠷᠢᠯ ᠤᠨ ᠦᠶᠡᠷ ᠢ ᠰᠡᠷᠭᠡᠶᠢᠯᠡᠬᠦ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠲᠥᠯᠥᠪᠯᠡᠨ ᠪᠠᠶᠢᠷᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
       ᠬᠤᠷᠠᠯ ᠠᠴᠠ ᠱᠠᠭᠠᠷᠳᠠᠭᠰᠠᠨ ᠨᠢ᠂ ᠪᠦᠭᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠬᠠᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠣᠳᠣᠬᠠᠨ ᠤ ᠠᠶᠤᠯᠭᠦᠢ ᠦᠢᠯᠡᠳᠪᠦᠷᠢᠯᠡᠯ ᠢ ᠬᠢᠵᠠᠭᠠᠷᠯᠠᠵᠤ ᠪᠠᠶᠢᠭ᠎ᠠ ᠵᠥᠷᠢᠴᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠮᠤᠷ ᠲᠦᠪᠰᠢᠨ ᠤ ᠬᠥᠮᠦᠵᠢᠯ   ᠪᠣᠯᠪᠠᠰᠤᠷᠠᠯ᠂ ᠬᠦᠨᠳᠦ ᠶᠡᠭᠡ ᠠᠳᠡᠯ ᠤᠨ ᠭᠡᠮ ᠰᠣᠭᠤᠭ ᠢ ᠮᠠᠭᠠᠳᠯᠠᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠬᠦᠨᠳᠦ ᠶᠡᠭᠡ ᠠᠳᠡᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ᠂ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠢᠨᠵᠧᠨᠧᠷᠢᠩ ᠤᠨ ᠵᠠᠰᠠᠯᠲᠠ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ᠂ ᠠᠮᠤᠷ ᠲᠦᠪᠰᠢᠨ ᠤ ᠬᠠᠮᠢᠶᠠᠷᠤᠯᠲᠠ  ᠶᠢᠨ ᠰᠢᠰᠲ᠋ᠧᠮ ᠤᠨ ᠪᠠᠶᠢᠭᠤᠯᠤᠯᠲᠠ᠂ ᠣᠨᠣᠪᠴᠢᠲᠠᠢ ᠪᠠᠷ ᠬᠠᠤᠯᠢ ᠬᠡᠷᠡᠭᠵᠢᠭᠦᠯᠬᠦ ᠪᠠ ᠬᠠᠪᠰᠤᠷᠤᠨ ᠲᠡᠳᠬᠦᠬᠦ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ︽ᠨᠠᠢᠮᠠᠨ ᠶᠡᠭᠡ ᠡᠭᠦᠷᠭᠡ︾ ᠶᠢ ᠬᠦᠴᠦᠯᠡᠨ ᠠᠳᠬᠤᠬᠤ ᠬᠡᠷᠡᠭᠲᠡᠢ᠃ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠭᠤᠣᠯᠳᠠᠯᠭ᠎ᠠ ᠲᠠᠢ ᠠᠵᠢᠯ ᠡᠭᠦᠷᠭᠡ ᠶᠢ ᠰᠢᠭᠤᠳ ᠪᠠᠶᠢᠷᠢᠯᠠᠭᠤᠯᠵᠤ᠂ ᠰᠢᠭᠤᠳ ᠣᠷᠣᠯᠴᠠᠨ᠂ ᠰᠢᠭᠤᠳ ᠱᠠᠯᠠᠪᠳᠠᠭᠤᠯᠤᠨ ᠭᠦᠢᠴᠡᠳᠬᠡᠭᠦᠯᠬᠦ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠵᠦ ᠵᠢᠯᠤᠭᠤᠳᠬᠤ᠂ ᠠᠪᠤᠷᠠᠨ ᠲᠤᠰᠠᠯᠠᠬᠤ ᠴᠢᠳᠠᠪᠤᠷᠢ᠂ ᠭᠠᠮᠰᠢᠭ ᠢ ᠰᠡᠷᠭᠡᠶᠢᠯᠡᠬᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠬᠦ ᠢᠨᠵᠧᠨᠧᠷᠢᠩ  ᠤᠨ ᠬᠡᠷᠡᠭᠵᠢᠭᠦᠯᠦᠯᠲᠡ ᠶᠢ ᠴᠢᠨᠠᠷ ᠰᠠᠶᠢᠲᠠᠢ ᠠᠬᠢᠭᠤᠯᠵᠤ᠂ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠵᠢᠯᠤᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠲᠣᠨᠤᠭ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃      ᠬᠠᠢ ᠱᠠᠨ ᠬᠠᠪᠤᠷ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠨᠢᠭᠡ ᠰᠠᠷ᠎ᠠ ᠶᠢᠨ ᠬᠤᠭᠤᠴᠠᠭ᠎ᠠ ᠲᠠᠢ ᠶᠡᠬᠡᠪᠡᠷ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠵᠠᠢ᠃ ᠵᠤᠤ ᠭᠦᠸᠧ ᠳ᠋ᠦᠩ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠢᠶᠠᠨ ᠬᠦᠷᠢᠶ᠎ᠡ ᠬᠡᠪᠴᠢᠶᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠠᠵᠢᠯ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号