ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠪᠤᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/28
                                      2 ᠰᠠᠷ᠎ᠠ ᠶᠢᠨ 20 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠠᠪᠤᠳᠤᠭᠠᠷ ᠤᠳᠠᠭᠠᠨ ᠤ ᠪᠥᠬᠦᠳᠡ  ︵ᠥᠷᠭᠡᠳᠬᠡᠭᠰᠡᠨ  ︶ ᠬᠤᠷᠠᠯ ᠵᠢᠴᠢ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠪᠠ᠃    ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠥᠨ ᠨᠠᠶᠢᠳᠠᠪᠤᠷᠢᠵᠢᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ   ︵ᠥᠷᠭᠡᠳᠬᠡᠭᠰᠡᠨ︶ ᠬᠤᠷᠠᠯ ᠪᠠ  ᠬᠤᠰᠢᠭᠤ ᠨᠠᠮ ᠤᠨ  ᠬᠤᠷᠢᠶᠠᠨ ᠤ ︵ᠥᠷᠭᠡᠳᠬᠡᠭᠰᠡᠨ︶  ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠦ᠂ 2023 ᠣᠨ ᠤ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ  ᠪᠠᠶᠢᠷᠢᠯᠠᠭᠤᠯᠵᠤ᠂ ᠪᠥᠬᠦ ᠬᠤᠰᠢᠭᠤᠨ ᠤ ᠤᠳᠤᠷᠢᠳᠬᠤ ᠺᠠᠳ᠋ᠷᠴᠤᠳ ᠲᠤ ᠰᠡᠷᠡᠮᠵᠢᠯᠡᠭᠦᠯᠬᠦ ᠬᠥᠮᠦᠵᠢᠯ  ᠦᠷᠨᠢᠭᠦᠯᠪᠡ᠃    ᠬᠤᠰᠢᠭᠤ ᠨᠠᠮ ᠤᠨ ᠬᠤᠷᠢᠶᠠᠨ ᠤ ᠱᠦᠵᠢ ᠮᠦᠡᠭᠭᠦᠨᠱᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃  ᠬᠤᠰᠢᠭᠤ ᠳᠥᠷᠪᠡᠨ ᠶᠡᠭᠡ ᠪᠠᠭ ᠤᠨ ᠭᠡᠰᠢᠭᠦᠨ᠂  ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ  ᠳᠠᠷᠤᠭ᠎ᠠ᠂ ᠪᠠᠶᠠᠨᠬᠤᠸᠠ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠵᠠᠶ᠃ ᠪᠥᠬᠦᠳᠡ ᠬᠤᠷᠠᠯ ᠢ  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠢᠦᠶ ᠵᠥᠩ ᠮᠢᠨ ᠡᠷᠭᠢᠯᠡᠪᠡ᠃        ᠮᠦᠡᠭᠭᠦᠨᠱᠠ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠤᠨ ᠴᠢᠬᠤᠯᠠ ᠤᠨᠤᠯ ᠤᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠤᠨ ︽ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠤᠢ ︾᠂ ︽ᠶᠠᠭᠤᠨ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ ᠴᠢᠳᠠᠬᠤ ᠪᠤᠢ ︾᠂ ︽ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠪᠤᠢ ︾ ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ᠂ ︽ᠶᠢᠰᠦᠨ ᠵᠥᠪᠰᠢᠶᠡᠷᠡᠯ ︾ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠡᠨᠡ ᠬᠦ ᠴᠢᠬᠤᠯᠠ ᠦᠵᠡᠯ ᠰᠠᠨᠠᠭ᠎ᠠ ᠪᠣᠯ ᠮᠠᠨ ᠤ ᠨᠠᠮ ᠤᠨ ︽ᠬᠤᠶᠠᠷ ᠢ ᠤᠶᠠᠯᠳᠤᠭᠤᠯᠬᠤ ︾ ᠶᠢ ᠪᠠᠷᠢᠮᠲᠠᠯᠠᠵᠤ ᠤᠨᠤᠯ ᠤᠨ ᠰᠢᠨ᠎ᠡ ᠡᠭᠦᠳᠦᠯᠲᠡ ᠶᠢ ᠠᠬᠢᠭᠤᠯᠤᠭᠠᠳ ᠣᠯᠤᠭᠰᠠᠨ ᠰᠢᠨ᠎ᠡ ᠦᠷ᠎ᠡ ᠪᠦᠲᠦᠭᠡᠯ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ ᠮᠥᠨ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠦᠨᠳᠦᠷᠴᠡ ᠳᠤ ᠬᠦᠷᠦᠭᠰᠡᠨ ᠢ ᠬᠠᠷᠠᠭᠤᠯᠵᠤ ᠪᠠᠶᠢᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠡᠨᠡᠬᠦ ᠴᠢᠬᠤᠯᠠ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠦᠨᠡᠨᠬᠦ ᠴᠢᠩᠭᠠᠳᠬᠠᠵᠤ᠂ ᠤᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠪᠠᠬᠢᠵᠢᠭᠦᠯᠦᠨ ᠥᠷᠭᠡᠳᠬᠡᠵᠦ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠡᠷᠡᠰ ᠪᠠᠲᠤ ᠴᠢᠨᠠᠷ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠲᠠᠢ ᠪᠠᠶᠢᠵᠤ᠂ ᠪᠠᠶᠢᠪᠠᠰᠤ ᠵᠣᠬᠢᠬᠤ ᠨᠠᠮᠴᠢ ᠴᠢᠨᠠᠷ ᠤᠨ ᠪᠣᠯᠪᠠᠰᠤᠷᠠᠯ ᠢ ᠢᠯᠡᠷᠡᠭᠦᠯᠵᠦ᠂ ᠡᠭᠦᠷᠢᠳᠡ ᠵᠤᠭᠰᠤᠰᠢ ᠦᠭᠡᠢ ᠬᠠᠳᠠᠨ ᠵᠣᠷᠢᠭ ᠪᠣᠯᠤᠨ ᠰᠢᠨᠲᠠᠷᠠᠰᠢ ᠦᠭᠡᠢ ᠪᠠᠷ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃    ᠮᠦᠡᠭᠭᠦᠨᠱᠠ  ᠵᠢᠭᠠᠬᠤ ᠳᠠᠭᠠᠨ  ᠂ ᠥᠩᠭᠡᠷᠡᠭᠰᠡᠨ ᠨᠢᠭᠡ ᠵᠢᠯ ᠳᠤ᠂  ᠬᠤᠰᠢᠭᠤ ᠨᠠᠮ ᠤᠨ ᠬᠤᠷᠢᠶ᠎ᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ  ᠲᠣᠣᠱᠯᠠᠭᠤᠯᠵᠦ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠶᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ ᠭᠡᠵᠠᠢ᠃    ᠮᠦᠡᠭᠭᠦᠨᠱᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ  ᠰᠠᠶᠢᠳᠦᠷ ᠰᠤᠷᠤᠯᠴᠠᠨ  ᠭᠦᠨᠵᠡᠭᠡᠢ ᠣᠶᠢᠯᠠᠭᠠᠬᠤ ᠦᠵᠡᠯ ᠰᠠᠨᠠᠭᠠᠨ ᠤ ᠤᠬᠠᠮᠰᠠᠷ ᠢᠶᠠᠨ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ  ᠤᠶᠢᠯᠭᠠᠨ  ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠴᠢᠩᠭᠠᠳᠬᠠᠵᠤ᠂ ᠢᠯᠵᠢᠷᠡᠯ ᠡᠭᠦᠰᠬᠦ  ᠨᠥᠬᠦᠴᠡᠯ ᠢ ᠡᠷᠡᠰ ᠢᠶᠠᠷ ᠴᠢᠩᠭ᠎ᠠ ᠠᠷᠢᠯᠭᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠤᠣᠯ ᠬᠦᠭ ᠠᠶᠠᠰ ᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠤᠨ ᠴᠢᠩᠭ᠎ᠠ ᠬᠢᠵᠠᠭᠠᠷᠯᠠᠯ ᠢ ᠲᠠᠰᠤᠷᠠᠯᠳᠡ ᠦᠭᠡᠢ  ᠲᠡᠭᠦᠯᠲᠡᠷᠵᠢᠭᠦᠯᠥᠨ᠂ ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠶᠢ ᠴᠥᠬᠦᠷᠡᠰᠢ ᠦᠭᠡᠢ ᠪᠠᠷᠢᠮᠳᠠᠯᠠᠨ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠴᠦᠲᠡᠢ ᠪᠥᠭᠡᠳ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ  ᠃ ᠤᠯᠤᠰ ᠲᠦᠷᠦ ᠶᠢᠨ ᠬᠢᠨᠠᠯᠲᠠ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ  ᠤᠯᠬᠤ ᠭᠡᠷᠡᠭᠲᠠᠢ ᠭᠡᠵᠠᠢ᠃         ᠢᠦᠶ ᠵᠥᠩ ᠮᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ 2023 ᠣᠨ ᠤ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠮᠡᠳᠡᠭᠦᠯᠵᠦ᠂ 2024 ᠣᠨ ᠤ ᠠᠵᠢᠯ ᠢ ᠪᠠᠶᠢᠷᠢᠯᠠᠭᠤᠯᠪᠠ᠂ ᠲᠡᠷᠡ  ᠵᠢᠭᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤ ᠪᠠᠬᠢ ᠪᠣᠶ ᠪᠣᠯᠭᠠᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠣᠶᠤᠨ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠶᠢ ᠲᠠᠰᠤᠷᠠᠯᠲᠠ ᠥᠬᠡᠶ ᠪᠣᠶ  ᠪᠤᠯᠭᠠᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠤᠨ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠴᠢᠩᠭᠠᠳᠬᠨ᠂ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ  ᠬᠦᠨᠵᠡᠭᠡᠶᠢᠷᠡᠭᠦᠯᠬᠦ ᠭᠡᠷᠡᠭᠲᠠᠢ᠃ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠶᠢ ᠴᠢᠨᠠᠭᠰᠢᠳᠠ  ᠴᠢᠩᠭᠠᠳᠬᠠᠨ ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠬᠤ ᠬᠡᠷᠡᠭᠲᠡᠢ᠃ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢᠨ ᠳᠡᠭᠡᠭᠰᠢᠯᠡᠯᠲᠡ ᠶᠢ  ᠠᠬᠢᠭᠤᠯᠵᠦ᠂ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠭᠠᠪᠰᠢᠭᠠᠶᠢᠯᠠᠭᠴᠢ ᠢ ᠳᠠᠪᠲᠠᠨ ᠪᠤᠯᠪᠠᠰᠤᠷᠠᠭᠤᠯᠬᠤ ᠭᠡᠷᠡᠭᠲᠠᠢ ᠭᠡᠵᠠᠢ᠃     ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠺᠢᠨᠣ᠋ ᠦᠵᠡᠪᠡ᠃ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ  ᠭᠤᠤᠯ ᠬᠠᠷᠢᠭᠤᠴᠠᠯᠭᠠᠲᠠᠨ᠂  ᠬᠤᠰᠢᠭᠤ ᠰᠢᠭᠤᠳ‌ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ  ᠭᠤᠤᠯ ᠬᠠᠷᠢᠭᠤᠴᠠᠯᠭᠠᠲᠠᠨ᠂  ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠭ ᠤᠨ ᠪᠦᠷᠢᠯᠳᠦᠬᠦᠨ᠂  ᠬᠤᠰᠢᠭᠤ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ  ᠤ ᠪᠥᠬᠦ ᠭᠡᠰᠢᠭᠦᠨ᠂  ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠡᠯ᠎ᠡ  ᠲᠠᠰᠤᠭ ᠤᠨ ᠡᠷᠬᠢᠯᠡᠭᠴᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ᠂  ᠬᠤᠰᠢᠭᠤ ᠨᠠᠮ ᠤᠨ  ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠬᠤᠷᠢᠶᠠᠨ ᠤ ᠨᠠᠮ ᠤᠨ  ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂  ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠵᠠᠶ᠃    ᠬᠤᠷᠠᠯ ᠨᠢ  ᠲᠧᠯᠸᠢᠰ ᠳ᠋ᠢᠶᠠᠩᠬᠤᠸᠠ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠰᠤᠮᠤ ᠪᠠᠯᠭᠠᠰᠤᠨ ᠳᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠵᠦ᠂ ᠡᠯ᠎ᠡ ᠰᠤᠮᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠤᠮᠤ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦ ᠺᠠᠳ᠋ᠷ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号