ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠣᠶᠤᠲᠠᠳ ᠤᠨ ᠡᠪᠦᠯ ᠤᠨ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠠᠮᠵᠢᠯᠲᠠ ᠲᠠᠢ ᠪᠣᠯᠣᠯ᠎ᠠ
ᠨᠡᠶᠢᠲᠡᠯᠡᠭᠰᠡᠨ ᠴᠠᠭ᠄
2024/2/28
                       ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠠᠮ ᠤᠨ ᠶᠡᠭᠡ ᠦᠢᠯᠡᠰ ᠲᠤ ᠵᠠᠯᠭᠠᠮᠵᠢᠯᠠᠭᠴᠢ ᠲᠠᠢ ᠪᠠᠶᠢᠬᠤ ᠬᠡᠷᠡᠭᠲᠡᠢ ᠭᠡᠰᠡᠨ ᠠᠤᠭ᠎ᠠ ᠪᠣᠳᠣᠯᠭ᠎ᠠ ᠲᠠᠢ ᠤᠶᠠᠯᠳᠤᠭᠤᠯᠤᠨ᠂  ︽ᠲᠥᠷᠥᠭᠰᠡᠨ ᠨᠤᠲᠤᠭ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤ ᠣᠶᠣᠲᠠᠳ ᠢ ᠳᠠᠶᠢᠴᠢᠯᠠᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ ᠨᠤᠲᠤᠭ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠶᠢᠨ ᠲᠤᠰᠠᠳᠠ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠬᠤᠰᠢᠭᠤ ᠡᠪᠯᠡᠯ ᠤᠨ ᠬᠤᠷᠢᠶ᠎ᠠ ᠠᠴᠠ  ᠪᠦᠭᠦ ᠬᠤᠰᠢᠭᠤᠨ ᠤ ᠣᠶᠤᠲᠠᠳ ᠲᠤ ᠬᠠᠨᠳᠤᠭᠤᠯᠤᠨ ᠨᠢᠭᠡ ᠰᠠᠷ᠎ᠠ ᠶᠢᠨ ᠬᠤᠭᠤᠴᠠᠭ᠎ᠠ ᠲᠠᠢ ︽ᠨᠤᠲᠤᠭ ᠲᠠᠭᠠᠨ ᠬᠠᠷᠢᠬᠤ︾ ᠵᠡᠷᠭᠡ ᠡᠪᠦᠯ ᠤᠨ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠨ᠎ᠠ᠃     ᠬᠤᠰᠢᠭᠤ ᠡᠪᠯᠡᠯ ᠤᠨ ᠬᠤᠷᠢᠶ᠎ᠠ ᠣᠶᠤᠲᠠᠳ ᠢ ᠵᠣᠬᠢᠶᠠᠨ ᠪᠠᠶᠢᠭᠤᠯᠤᠨ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠭᠦᠨᠵᠡᠭᠡᠶᠢᠷᠡᠭᠦᠯᠦᠨ᠂ ᠪᠣᠳᠠᠲᠠᠢ ᠠᠵᠢᠯ ᠢ ᠡᠭᠦᠷᠭᠡᠯᠡᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠨᠡᠶᠢᠲᠡ 15 ᠨᠢᠭᠡᠴᠡ᠂ 28 ᠠᠵᠢᠯ ᠤᠨ ᠪᠠᠶᠢᠷᠢ ᠲᠠᠢ ᠵᠣᠬᠢᠴᠠᠭᠤᠯᠤᠨ᠂ ᠰᠤᠷᠭᠠᠭᠤᠯᠢ ᠳᠤ ᠪᠠᠶᠢᠭ᠎ᠠ ᠣᠶᠤᠲᠠᠳ ᠤᠨ ᠲᠤᠰᠬᠠᠢ ᠮᠡᠷᠭᠡᠵᠢᠯ ᠤᠨ ᠴᠢᠳᠠᠪᠤᠷᠢ ᠪᠠ ᠦᠢᠯᠡᠴᠢᠯᠡᠭᠡᠨ ᠤ ᠨᠢᠭᠡᠴᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠡᠷ᠎ᠡ ᠮᠡᠳᠡᠭᠦᠯᠵᠦ ᠣᠷᠣᠯᠴᠠᠭᠰᠠᠨ 28 ᠣᠶᠤᠲᠠᠨ ᠢ ᠡᠯ᠎ᠡ ᠨᠢᠭᠡᠴᠡ ᠳᠤ ᠳᠠᠳᠤᠯᠭ᠎ᠠ ᠬᠢᠯᠭᠡᠪᠡ᠃     ᠳᠠᠳᠤᠯᠭ᠎ᠠ ᠶᠢᠨ ᠲᠠᠷᠠᠭ᠎ᠠ᠂ ᠣᠶᠤᠲᠠᠳ ᠤᠨ ᠦᠢᠯᠡᠳᠦᠯᠭᠡ ᠶᠢᠨ ᠦᠷ᠎ᠡ ᠪᠦᠲᠦᠭᠡᠯ ᠭᠦᠢᠴᠡᠳ ᠨᠣᠲᠠᠯᠠᠭᠳᠠᠭᠰᠠᠨ ᠪᠠᠶᠢᠨ᠎ᠠ᠃ ᠡᠪᠯᠡᠯ ᠤᠨ ᠬᠤᠷᠢᠶ᠎ᠠ ᠪᠠᠰᠠ ᠳᠠᠳᠤᠯᠭ᠎ᠠ ᠶᠢᠨ  ᠲᠤᠬᠠᠢ ᠰᠣᠯᠢᠯᠴᠠᠨ ᠬᠤᠪᠢᠶᠠᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠠᠵᠢᠯ ᠤᠨ ᠪᠠᠶᠢᠷᠢ ᠳᠡᠭᠡᠷ᠎ᠡ ᠳᠠᠪᠠᠭᠤᠯᠢᠭ ᠢᠶᠠᠨ ᠪᠠᠳᠠᠷᠠᠭᠤᠯᠵᠤ᠂ ᠦᠢᠯᠡᠳᠦᠯᠭᠡ ᠶᠢᠨ ᠳᠤᠮᠳᠠ ᠦᠰᠦᠨ ᠪᠣᠶᠢᠵᠢᠵᠤ᠂ ᠲᠤᠷᠰᠢᠯᠭ᠎ᠠ ᠬᠤᠷᠠᠮᠳᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠣᠷᠣᠨ ᠤ ᠪᠠᠨ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠣᠶᠤᠲᠠᠳ ᠢᠯᠡᠷᠬᠡᠶᠢᠯᠡᠵᠦ ᠪᠠᠶᠢᠯ᠎ᠠ᠃     ᠦᠢᠯᠡᠳᠦᠯᠭᠡ ᠪᠣᠯ ᠵᠠᠯᠠᠭᠤ ᠣᠶᠣᠲᠠᠳ ᠤᠨ ᠨᠡᠶᠢᠭᠡᠮ ᠳᠤ ᠦᠢᠯᠡᠴᠢᠯᠡᠬᠦ ᠬᠠᠮᠤᠭ ᠤᠨ ᠰᠠᠶᠢᠨ ᠠᠷᠭ᠎ᠠ ᠵᠠᠮ ᠪᠣᠯᠣᠨ᠎ᠠ᠃ ᠰᠢᠮᠳᠠᠨ ᠰᠤᠷᠤᠯᠴᠠᠵᠤ ᠮᠡᠳᠡᠯᠭᠡ ᠬᠤᠷᠠᠮᠳᠤᠭᠤᠯᠤᠨ᠂ ᠨᠤᠲᠤᠭ ᠲᠠᠭᠠᠨ ᠬᠠᠷᠢᠵᠤ ᠨᠤᠲᠤᠭ ᠤᠰᠤᠨ ᠤ  ᠪᠠᠨ ᠪᠦᠲᠦᠭᠡᠨ ᠪᠠᠶᠢᠭᠤᠯᠤᠯᠲᠠ ᠳᠤ ᠣᠷᠣᠯᠴᠠᠪᠠᠯ᠂ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ ᠳᠡᠶᠢᠯᠬᠦ ᠨᠢ ᠯᠠᠪᠲᠠᠢ᠃     ᠣᠶᠢᠯᠠᠭᠠᠭᠰᠠᠨ ᠢᠶᠠᠷ᠂ ᠬᠤᠰᠢᠭᠤ ᠡᠪᠯᠡᠯ ᠤᠨ ᠬᠤᠷᠢᠶ᠎ᠠ ᠨᠢ ᠣᠶᠣᠲᠠᠳ ᠤᠨ  ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠳᠬᠡᠨ᠂ ᠪᠡᠶᠡᠴᠢ ᠴᠢᠳᠠᠮᠠᠭᠠᠢ ᠴᠢᠨᠠᠷ ᠢ ᠭᠦᠢᠴᠡᠳ ᠪᠠᠳᠠᠷᠠᠭᠤᠯᠤᠨ᠂ ᠨᠤᠲᠤᠭ ᠲᠠᠭᠠᠨ ᠪᠤᠴᠠᠭᠰᠠᠨ ᠣᠶᠤᠲᠠᠳ ᠲᠤ ᠨᠥᠬᠦᠴᠡᠯ ᠪᠦᠷᠢᠯᠳᠦᠭᠦᠯᠦᠨ ᠥᠭᠴᠦ᠂ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠪᠠᠷ ᠲᠥᠯᠥᠪᠯᠡᠵᠦ ᠪᠣᠢ᠃     ᠬᠤᠰᠢᠭᠤ ᠡᠪᠯᠡᠯ ᠤᠨ ᠬᠤᠷᠢᠶᠠᠨ ᠤ ᠳᠡᠳ᠋ ᠱᠦᠵᠢ ᠰᠦᠨ ᠶᠤᠸᠠᠢ —— ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤ ᠣᠶᠣᠲᠠᠳ ᠤᠨ ᠨᠤᠲᠤᠭ ᠲᠠᠭᠠᠨ ᠪᠤᠴᠠᠨ ᠦᠢᠯᠡᠳᠦᠯᠭᠡ ᠳᠤ ᠣᠶᠢᠷ᠎ᠠ ᠣᠯᠣᠯᠴᠠᠵᠤ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠳᠠᠶᠢᠴᠢᠯᠠᠨ ᠳᠠᠭᠠᠭᠤᠯᠬᠤ ᠶᠢᠨ ᠲᠤᠰᠠᠳᠠ᠂ ᠡᠨᠡ ᠵᠢᠯ ᠤᠨ ᠡᠪᠦᠯ ᠤᠨ ᠠᠮᠠᠷᠠᠯᠲᠠ ᠪᠠᠷ ᠪᠢᠳᠡ ᠪᠦᠬᠦ ᠬᠤᠰᠢᠭᠤᠨ ᠤ ᠣᠶᠣᠲᠠᠳ ᠲᠤ ᠬᠠᠨᠳᠤᠭᠤᠯᠤᠨ ᠨᠢᠭᠡ ᠰᠠᠷ᠎ᠠ ᠶᠢᠨ ᠬᠤᠭᠤᠴᠠᠭ᠎ᠠ ᠲᠠᠢ ᠡᠪᠦᠯ ᠤᠨ ᠠᠮᠠᠷᠠᠯᠲᠠ ᠶᠢᠨ ᠦᠢᠯᠡᠳᠦᠯᠭᠡ ᠶᠢᠨ ᠠᠵᠢᠯ ᠢ ᠥᠷᠨᠢᠭᠦᠯᠦᠭᠰᠡᠨ ᠶᠤᠮ᠃ ᠳᠠᠳᠤᠯᠭ᠎ᠠ ᠡᠬᠢᠯᠡᠬᠦ ᠠᠴᠠ ᠡᠮᠦᠨ᠎ᠡ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠭᠰᠠᠨ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠳᠠᠳᠤᠯᠭ᠎ᠠ ᠬᠢᠬᠦ ᠰᠤᠷᠤᠭᠴᠢᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠳᠠᠳᠤᠯᠭ᠎ᠠ ᠶᠢᠨ ᠳᠠᠷᠠᠭ᠎ᠠ ᠪᠠᠰᠠ ᠳᠠᠳᠤᠯᠭ᠎ᠠ ᠶᠢᠨ ᠲᠤᠬᠠᠢ ᠰᠣᠯᠢᠯᠴᠠᠨ ᠬᠤᠪᠢᠶᠠᠯᠴᠠᠬᠤ ᠠᠵᠢᠯᠯᠠᠭ᠎ᠠ ᠥᠷᠨᠢᠭᠦᠯᠦᠭᠰᠡᠨ ᠶᠤᠮ᠃ ᠲᠤᠰ ᠤᠳᠠᠭᠠᠨ ᠤ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠨᠢ ᠪᠠᠷᠠᠭᠤᠨ ᠦᠵᠦᠮᠦᠴᠢᠨ ᠬᠤᠰᠢᠭᠤᠨ ᠤ ᠵᠠᠯᠠᠭᠤ ᠣᠶᠣᠲᠠᠳ ᠲᠤ ᠨᠡᠩ ᠣᠯᠠᠨ ᠮᠡᠳᠡᠯᠭᠡ ᠬᠦᠷᠲᠡᠭᠡᠵᠦ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠨᠤᠲᠤᠭ ᠤᠰᠤ ᠪᠠᠨ ᠨᠡᠩ ᠰᠠᠶᠢᠨ ᠣᠶᠢᠯᠠᠭᠠᠵᠤ᠂ ᠨᠤᠲᠤᠭ ᠤᠰᠤᠨ ᠳᠠᠭᠠᠨ ᠦᠢᠯᠡᠴᠢᠯᠡᠨ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠢᠳᠡ ᠬᠦᠴᠦ ᠪᠠᠨ ᠡᠷᠭᠦᠬᠦ ᠤᠷᠮ᠎ᠠ ᠵᠣᠷᠢᠭ ᠢ ᠨᠢ ᠬᠥᠪᠴᠢᠯᠡᠭᠰᠡᠨ ᠪᠠᠶᠢᠭᠠᠰᠠᠢ ᠭᠡᠵᠦ ᠬᠦᠰᠡᠵᠦ ᠪᠠᠶᠢᠨ᠎ᠠ᠃     ᠳᠠᠳᠤᠯᠭ᠎ᠠ ᠶᠢᠨ ᠰᠤᠷᠤᠭᠴᠢ ᠯᠢ ᠴᠢᠩ ᠰᠦᠩ  —— ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠤ ᠳᠠᠳᠤᠯᠭ᠎ᠠ ᠬᠢᠵᠦ ᠦᠢᠯᠡᠳᠦᠯᠭᠡ ᠳᠤ ᠣᠷᠣᠯᠴᠠᠬᠤ ᠳᠤᠮᠳᠠ᠂ ᠬᠠᠮᠲᠤ ᠠᠵᠢᠯᠲᠠᠳ ᠤᠨ ᠬᠠᠪᠰᠤᠷᠤᠯᠭ᠎ᠠ ᠪᠠᠷ ᠠᠵᠢᠯ ᠤᠨ ᠪᠠᠶᠢᠷᠢ ᠳᠠᠭᠠᠨ ᠮᠠᠰᠢ ᠲᠦᠷᠭᠡᠨ ᠲᠠᠰᠤᠭᠰᠠᠨ ᠶᠤᠮ᠃ ᠠᠵᠢᠯ ᠳᠤᠮᠳᠠ ᠮᠠᠰᠢ ᠴᠢᠩᠭ᠎ᠠ ᠬᠠᠷᠢᠭᠤᠴᠠᠯᠭᠠᠲᠤ ᠰᠡᠳᠬᠢᠯ ᠪᠣᠯᠣᠨ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ ᠭᠡᠰᠡᠨ ᠢ ᠲᠤᠰ ᠤᠳᠠᠭᠠᠨ ᠤ ᠳᠠᠳᠤᠯᠭ᠎ᠠ ᠪᠠᠷ ᠳᠠᠮᠵᠢᠨ ᠣᠶᠢᠯᠠᠭᠠᠯ᠎ᠠ᠃ ᠪᠠᠰᠠ ᠮᠠᠰᠢ ᠣᠯᠠᠨ ᠲᠤᠷᠰᠢᠯᠭ᠎ᠠ ᠪᠣᠯᠣᠨ  ᠣᠶᠢᠯᠠᠭᠠᠯᠲᠠ ᠲᠠᠢ ᠪᠣᠯᠣᠭᠰᠠᠨ ᠶᠤᠮ᠂ ᠡᠳᠡᠭᠡᠷ ᠲᠤᠷᠰᠢᠯᠭ᠎ᠠ ᠪᠣᠯᠣᠨ ᠣᠶᠢᠯᠠᠭᠠᠯᠲᠠ ᠨᠢ ᠬᠤᠵᠢᠮ  ᠤᠨ  ᠠᠵᠢᠯ ᠰᠤᠷᠤᠯᠭ᠎ᠠ ᠳᠤ ᠮᠢᠨᠢ ᠲᠤᠰᠠ ᠪᠣᠯᠬᠤ ᠶᠢ ᠬᠦᠰᠡᠵᠦ ᠪᠠᠶᠢᠨ᠎ᠠ᠃ ᠲᠤᠰ ᠤᠳᠠᠭᠠᠨ ᠤ ᠨᠡᠶᠢᠭᠡᠮ ᠤᠨ ᠦᠢᠯᠡᠳᠦᠯᠭᠡ ᠪᠠᠷ ᠳᠠᠮᠵᠢᠨ ᠪᠠᠰᠠ ᠨᠤᠲᠤᠭ ᠤᠨ ᠢᠶᠠᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠠᠶᠢᠨ ᠣᠶᠢᠯᠠᠭᠠᠯᠲᠠ ᠲᠠᠢ ᠪᠣᠯᠣᠯ᠎ᠠ᠂ ᠳᠠᠷᠠᠭᠠᠴᠢ ᠪᠠᠷ᠂ ᠨᠤᠲᠤᠭ ᠳᠡᠭᠡᠨ ᠬᠠᠷᠢᠵᠤ ᠢᠷᠡᠨ ᠨᠤᠲᠤᠭ ᠤᠨᠰᠤᠨ ᠤ ᠪᠠᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠡᠷᠭᠦᠶ᠎ᠡ ᠭᠡᠵᠦ ᠪᠣᠳᠣᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号