ᠦᠷᠦᠪᠴᠢᠬᠡᠨ ᠰᠡᠳᠬᠢᠯ ᠲᠠᠢ ᠤᠶᠤᠳᠠᠯᠴᠢᠨ ᠪᠦᠰᠡᠬᠦᠢ
ᠨᠡᠶᠢᠲᠡᠯᠡᠭᠰᠡᠨ ᠴᠠᠭ᠄
2024/2/28
                                                ᠮᠦᠩᠬᠦᠨᠴᠢᠮᠡᠭ ᠪᠤᠯ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤᠨ ᠤ ᠡᠷᠢᠶᠡᠨᠨᠠᠭᠤᠷ  ᠭᠠᠴᠠᠭᠠᠨ ᠤ ᠮᠠᠯᠴᠢᠨ ᠨᠠᠮ ᠤᠨ ᠬᠡᠰᠢᠬᠦᠨ ᠶᠤᠮ᠃   ᠲᠡᠷᠡᠪᠡᠷ 2008 ᠤᠨ ᠳᠤ ᠬᠤᠰᠢᠭᠤᠨ ᠲᠦᠪ ᠪᠠᠯᠭᠠᠷᠭᠤᠤᠯ ᠪᠠᠯᠭᠠᠰᠤᠨ ᠳᠤ ︽ᠤᠷᠠᠨ ᠵᠢᠬᠦᠷ︾ ᠮᠤᠩᠭᠤᠯ ᠤᠶᠤᠳᠠᠯ  ᠤᠨ ᠭᠠᠵᠠᠷ ᠢᠶᠠᠨ ᠠᠵᠢᠯᠯᠠᠭᠤᠯᠵᠤ ᠡᠬᠢᠯᠡᠭᠰᠡᠨ ᠠᠴᠠ ᠨᠠᠰᠢ ᠤᠳᠤ ᠪᠤᠯᠬᠤ ᠳᠤ 15 ᠵᠢᠯ ᠤᠨ ᠨᠢᠭᠤᠷ ᠢ ᠦᠵᠡᠵᠦ ᠪᠠᠶᠢᠭ᠎ᠠ ᠶᠤᠮ᠃  ᠮᠤᠩᠭᠤᠯ ᠤᠶᠤᠳᠠᠯ᠂ ᠬᠤᠪᠴᠠᠰᠤ ᠡᠮᠦᠰᠭᠡᠯ ᠤᠨ ᠲᠠᠯ᠎ᠠ ᠪᠠᠷ ᠲᠦᠷᠦᠯ ᠵᠦᠢᠯ ᠤᠨ ᠬᠤᠪᠢ ᠳᠤ  ᠲᠡᠷᠯᠢᠭ ᠵᠤᠪᠴᠠᠭ᠎ᠠ ᠠᠴᠠ ᠡᠬᠢᠯᠡᠭᠡᠳ ᠬᠡᠤᠬᠡᠳ ᠤᠨ ᠬᠤᠪᠴᠠᠰᠤ ᠡᠮᠦᠰᠭᠡᠯ ᠵᠡᠷᠭᠡ ᠤᠯᠠᠨ ᠶᠠᠩᠵᠤ ᠶᠢᠨ ᠬᠡᠯᠪᠡᠷᠢ ᠵᠠᠭᠪᠤᠷ ᠢ ᠮᠠᠰᠢ ᠰᠠᠶᠢᠬᠠᠨ ᠡᠰᠭᠡᠵᠦ ᠤᠶᠤᠳᠠᠭ ᠪᠤᠯᠬᠤᠷ ᠬᠡᠷᠡᠭᠯᠡᠭᠴᠢᠳ ᠤᠨ ᠬᠦᠷᠢᠶᠡᠯᠡᠯ ᠢ ᠤᠯᠵᠤ᠂ ᠲᠡᠬᠦᠨ ᠢ ᠡᠷᠢᠵᠦ ᠬᠤᠪᠴᠠᠰᠤ ᠤᠶᠤᠭᠤᠯᠬᠤ ᠬᠦᠮᠦᠨ ᠵᠢᠯ ᠳᠠᠷᠠᠭᠠᠯᠠᠨ ᠤᠯᠠᠰᠢᠷᠠᠭᠰᠠᠨ ᠠᠴᠠ ᠤᠶᠤᠳᠠᠯ ᠤᠨ ᠭᠠᠵᠠᠷ ᠨᠢ ᠵᠢᠯ ᠪᠦᠷᠢ ᠳᠡᠭᠰᠢᠳᠭᠡᠭᠡᠳ 10 ᠭᠠᠷᠤᠢ ᠲᠦᠮᠡᠨ ᠲᠦᠭᠦᠷᠢᠭ ᠤᠨ ᠴᠡᠪᠡᠷ ᠤᠷᠤᠯᠭ᠎ᠠ ᠶᠢ ᠤᠯᠤᠭᠰᠠᠨ ᠪᠢᠯᠡ᠃     ᠮᠦᠩᠬᠦᠨᠴᠢᠮᠡᠭ ᠡᠳᠡᠭᠡᠷ ᠵᠢᠯ ᠤᠳ ᠲᠤ ᠤᠷᠤᠯᠭ᠎ᠠ ᠨᠡᠮᠡᠭᠳᠡᠨ᠂ ᠠᠮᠢᠳᠤᠷᠠᠯ ᠨᠢ ᠡᠳᠦᠷ ᠢᠷᠡᠬᠦ ᠳᠤᠳᠤᠮ ᠰᠠᠶᠢᠵᠢᠷᠠᠬᠤ  ᠶᠢ ᠲᠠᠭᠠᠯᠳᠤᠨ᠂ ᠠᠮᠢᠳᠤᠷᠠᠯ ᠳᠠᠭᠠᠨ ᠭᠠᠷ ᠮᠤᠬᠤᠷᠳᠠᠨ ᠭᠠᠴᠢᠭᠳᠠᠨ ᠵᠤᠪᠠᠵᠤ ᠶᠠᠪᠤᠭ᠎ᠠ ᠨᠢᠭᠡᠨ ᠳᠤ ᠨᠢ ᠪᠠᠭ᠎ᠠ ᠴᠦ ᠭᠡᠰᠡᠨ ᠲᠤᠰᠠ ᠲᠡᠮᠵᠢᠯᠭᠡ ᠦᠵᠡᠬᠦᠯᠬᠦ ᠬᠡᠵᠦ  ᠪᠦᠰᠡᠬᠦᠢ ᠬᠦᠮᠦᠨ ᠤ ᠦᠷᠦᠪᠴᠢ ᠴᠠᠶᠢᠯᠭᠠᠨ ᠦᠭᠬᠢᠶᠡᠮᠦᠷᠴᠢ ᠲᠤᠰᠠᠴᠢ ᠵᠠᠩ ᠢᠶᠠᠷ ᠶᠠᠳᠠᠭᠰᠠᠨ ᠬᠦᠮᠦᠰ ᠲᠤ ᠬᠠᠯᠠᠭᠤᠨ ᠭᠠᠷ ᠰᠤᠩᠭᠠᠨ ᠲᠡᠮᠵᠢᠨ ᠲᠤᠰᠠᠯᠠᠵᠤ᠂ ᠪᠠᠷᠠᠭᠤᠨ ᠦᠵᠦᠮᠦᠴᠢᠨ ᠬᠤᠰᠢᠭᠤᠨ ᠤ ︽ᠨᠢᠩᠵᠢᠨ ᠬᠠᠶᠢᠷ᠎ᠠ︾ ᠨᠡᠶᠢᠭᠡᠮᠯᠢᠭ ᠤᠨ ᠬᠡᠰᠢᠬᠦᠨ ᠪᠤᠯᠵᠤ᠂ ᠬᠡᠳᠦᠨ ᠵᠢᠯ ᠤᠨ ᠳᠤᠷᠰᠢ ᠪᠤᠰᠤᠳ ᠢ ᠬᠠᠪᠰᠤᠷᠬᠤ ᠤᠯᠠᠨ ᠵᠦᠢᠯ ᠤᠨ ᠰᠠᠶᠢᠨ ᠳᠤᠷᠠᠴᠤᠳ ᠤᠨ ᠠᠵᠢᠯᠯᠠᠭᠠᠨ ᠳᠤ ᠤᠷᠤᠯᠴᠠᠨ᠂ ᠤᠷᠢᠳ ᠬᠤᠵᠢᠳ ᠠᠮᠢᠳᠤᠷᠠᠯ ᠨᠢ ᠬᠦᠴᠢᠷ ᠲᠠᠢ ᠰᠤᠷᠤᠭᠴᠢ᠂ ᠡᠪᠡᠳᠴᠢᠨ ᠡᠮᠬᠡᠭ ᠲᠠᠢ ᠵᠤᠭᠤᠰ ᠮᠦᠩᠭᠦ ᠨᠢ ᠬᠦᠷᠦᠯᠴᠡᠬᠦ ᠦᠬᠡᠢ ᠪᠠᠶᠢᠭ᠎ᠠ ᠬᠦᠮᠦᠰ ᠲᠤ ᠬᠠᠨᠳᠢᠪ ᠦᠭᠬᠦ ᠵᠡᠷᠭᠡ ᠳᠤᠰᠠᠯᠠᠨ ᠳᠡᠮᠵᠢᠬᠦ ᠠᠵᠢᠯᠯᠠᠭ᠎ᠠ ᠶᠢ ᠤᠯᠠᠨ ᠤᠳᠠᠭ᠎ᠠ ᠦᠷᠨᠢᠬᠦᠯᠵᠦ᠂ ᠦᠪᠡᠷ ᠢᠶᠠᠨ ᠨᠢᠭᠡ ᠲᠦᠮᠡ ᠭᠠᠷᠤᠢ  ᠮᠦᠡᠭᠬᠦ ᠲᠦᠭᠦᠷᠢᠭ ᠭᠠᠷᠭᠠᠨ ᠬᠦᠴᠢᠷᠳᠡᠯᠳᠡᠢ ᠬᠦᠮᠦᠰ ᠢ ᠳᠡᠮᠵᠢᠨ ᠳᠤᠰᠠᠯᠠᠭᠰᠠᠨ ᠪᠠᠶᠢᠳᠠᠭ᠃    ᠮᠦᠩᠬᠦᠨᠴᠢᠮᠡᠭ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠵᠤ ᠨᠡᠶᠢᠭᠡᠮ ᠨᠡᠶᠢᠳᠡ ᠳᠤ ᠪᠠᠨ ᠬᠤᠪᠢ ᠨᠡᠮᠡᠷᠢ  ᠪᠠᠨ ᠦᠵᠡᠬᠦᠯᠦᠭᠰᠡᠨ ᠦᠢᠯᠡ ᠠᠵᠢᠯᠯᠠᠭ᠎ᠠ ᠨᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠰᠠᠶᠢᠨ ᠦᠨᠡᠨᠯᠡᠯᠲᠡ ᠶᠢ ᠤᠯᠵᠤ ᠂ ᠤᠷᠢᠳ ᠬᠤᠵᠢᠳ ᠬᠤᠰᠢᠭᠤ ᠰᠤᠮᠤᠨ ᠤ ᠪᠠᠨ ︽ᠤᠳᠤᠨ ᠳᠡᠰ ᠤᠨ ᠰᠢᠯᠢᠳᠡᠭ ᠰᠠᠶᠢᠨ ᠳᠤᠷᠠᠴᠤᠤᠯ︾᠂ ︽ᠬᠠᠮᠤᠭ ᠤᠨ ᠭᠤᠶᠤ ᠡᠮᠡᠭᠳᠡᠶᠢᠴᠤᠳ ᠤᠨ ᠰᠠᠶᠢᠨ ᠳᠤᠷᠡᠴᠤᠤᠯ︾  ᠂  ︽ᠰᠢᠯᠢᠳᠡᠭ ᠰᠠᠶᠢᠨ ᠳᠤᠷᠠᠴᠤᠳ︾ ᠵᠡᠷᠭᠡ ᠤᠯᠠᠨ ᠤᠯᠠᠨ ᠱᠠᠩᠨᠠᠯ ᠬᠦᠬᠢᠬᠦᠯᠦᠯ ᠢᠶᠠᠷ ᠡᠩᠭᠡᠷ ᠢᠶᠠᠨ ᠮᠢᠯᠢᠶᠠᠯᠭᠠᠵᠤ  ᠂ ᠲᠤᠰᠠᠴᠢ ᠨᠠᠨᠳᠢᠨ ᠦᠢᠯᠡ ᠪᠠᠷ ᠢᠶᠠᠨ ᠠᠵᠢᠯ ᠦᠢᠯᠡᠰ ᠢᠶᠠᠨ ᠤᠷᠠᠯᠠᠵᠤ ᠶᠠᠪᠤᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号