| ᠳᠡᠭᠡᠷ᠎ᠡ ᠵᠠᠭᠤᠨ ᠤ ᠳᠠᠯᠠᠭᠠᠳ ᠣᠨ ᠳᠤ᠂ ᠲᠤᠬᠠᠢ ᠶᠢᠨ ᠦᠶ᠎ᠡ ᠶᠢᠨ ᠹᠷᠠᠨᠼᠢ ᠶᠢᠨ ᠶᠡᠷᠦᠩᠬᠡᠶᠢᠯᠡᠭᠴᠢ ᠠᠴᠠ ᠵᠧᠦ | ᠧᠨ ᠯᠠᠢ ᠶᠡᠷᠦᠩᠬᠡᠢ ᠰᠠᠶᠢᠳ ᠲᠤ ᠬᠠᠷᠢᠭᠤ ᠪᠡᠯᠡᠭᠯᠡᠭᠰᠡᠨ ᠱᠠᠷᠦ᠋ᠯᠠᠢ ᠦᠬᠡᠷ ᠦᠵᠦᠮᠦᠴᠢᠨ ᠲᠠᠯ᠎ᠠ ᠨᠤᠲᠤᠭ ᠲᠤ | ᠠᠩᠬ᠎ᠠ ᠢᠷᠡᠭᠰᠡᠨ ᠪᠢᠯᠡ᠃ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠮᠠᠯᠴᠢᠳ 50 ᠭᠠᠷᠤᠢ | ᠵᠢᠯ ᠤᠨ ᠲᠤᠷᠰᠢ ᠨᠠᠷᠢᠨ ᠨᠢᠮᠪᠠᠢ ᠠᠷᠠᠴᠢᠯᠠᠨ ᠮᠠᠯᠵᠢᠵᠤ᠂ ᠡᠭᠦᠯᠳᠡᠷ ᠰᠠᠶᠢᠵᠢᠷᠠᠭᠤᠯᠬᠤ ᠪᠠ ᠴᠡᠪᠡᠷ ᠡᠭᠦᠯᠳᠡᠷ ᠢ | ᠬᠠᠮᠠᠭᠠᠯᠠᠬᠤ ᠪᠠᠷ ᠳᠡᠮᠵᠢᠨ᠂ ᠥᠨᠳᠦᠷᠯᠢᠭ ᠬᠦᠢᠲᠡᠨ ᠣᠷᠣᠨ ᠳᠤ ᠵᠣᠬᠢᠴᠠᠭᠰᠠᠨ ᠥᠰᠦᠯᠲᠡ ᠲᠦᠷᠭᠡᠨ᠂ ᠦᠷᠡᠵᠢᠯ | ᠰᠠᠶᠢᠨ᠂ ᠭᠠᠩ ᠬᠠᠭᠰᠠᠷᠠᠭᠠᠨ ᠳᠤ ᠲᠡᠰᠪᠦᠷᠢᠲᠡᠢ᠂ ᠡᠪᠡᠳᠴᠢᠨ ᠡᠮᠭᠡᠭ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ | ᠤᠳᠤᠮᠯᠠᠯ ᠤᠨ ᠴᠢᠳᠠᠪᠤᠷᠢ ᠨᠢ ᠲᠣᠭᠲᠠᠭᠤᠨ᠂ ᠦᠷ᠎ᠡ ᠶᠢᠨ ᠮᠠᠯ ᠪᠠ ᠡᠬᠡ ᠮᠠᠯ ᠤᠨ ᠳᠠᠪᠠᠭᠤᠯᠢᠭ ᠢ ᠬᠠᠮᠲᠤᠳᠬᠠᠭᠰᠠᠨ | ᠥᠪᠡᠷᠮᠢᠴᠡ ᠡᠭᠦᠯᠳᠡᠷ ᠤᠨ ᠣᠨᠴᠠᠯᠢᠭ ᠲᠠᠢ ᠱᠠᠷᠦ᠋ᠯᠠᠢ ᠦᠬᠡᠷ ᠢ ᠥᠰᠬᠡᠵᠦ ᠦᠷᠡᠵᠢᠭᠦᠯᠦᠭᠰᠡᠨ ᠢᠶᠠᠷ ︽ | ᠦᠵᠦᠮᠦᠴᠢᠨ ᠴᠠᠭᠠᠨ ᠦᠬᠡᠷ︾ ᠭᠡᠵᠦ ᠨᠡᠷᠡᠶᠢᠳᠪᠡ᠃ | ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠱᠠᠷᠦ᠋ᠯᠠᠢ ᠦᠬᠡᠷ ᠲᠡᠵᠢᠭᠡᠨ ᠦᠷᠡᠵᠢᠭᠦᠯᠬᠦ ᠡᠷᠦᠬᠡ | 800 ᠭᠠᠷᠤᠢ ᠪᠠᠶᠢᠵᠤ᠂ ᠪᠥᠬᠦ ᠬᠤᠰᠢᠭᠤᠨ ᠤ ᠵᠢᠯ ᠤᠨ ᠣᠨᠳᠤᠷᠤᠵᠤ ᠪᠠᠶᠢᠭ᠎ᠠ ᠱᠠᠷᠦ᠋ᠯᠠᠢ ᠦᠬᠡᠷ ᠤᠨ ᠲᠤᠭ᠎ᠠ | ᠲᠣᠯᠣᠭᠠᠢ ᠪᠠᠷᠤᠭ 5.8 ᠲᠦᠮᠡ ᠬᠦᠷᠴᠦ᠂ ᠪᠥᠬᠦ ᠬᠤᠰᠢᠭᠤᠨ ᠤ ᠮᠢᠬᠠᠨ ᠤ ᠦᠬᠡᠷ ᠤᠨ 16.7% ᠶᠢ ᠡᠵᠡᠯᠡᠵᠦ᠂ | ᠮᠠᠯᠴᠢᠳ ᠤᠨ ᠴᠥᠬᠡᠨ ᠮᠠᠯᠵᠢᠵᠤ ᠨᠠᠷᠢᠯᠢᠭ ᠠᠷᠠᠴᠢᠯᠠᠨ᠂ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠠᠵᠤ | ᠦᠢᠯᠡᠰ ᠤᠨ ᠨᠢᠭᠡ ᠪᠣᠯᠵᠠᠢ᠃ | ᠣᠳᠣ ᠪᠣᠯ ᠮᠢᠬᠠᠨ ᠤ ᠦᠬᠡᠷ ᠮᠠᠯᠵᠢᠵᠤ ᠪᠠᠶᠢᠭ᠎ᠠ ᠡᠷᠦᠬᠡ ᠶᠢᠨ ᠲᠥᠯ ᠲᠣᠰᠬᠤ ᠶᠠᠭᠠᠷᠠᠯᠲᠠᠢ ᠤᠯᠠᠷᠢᠯ ᠪᠣᠯᠣᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠲᠤ ᠶᠢᠨ ᠭᠤᠣᠯ ᠪᠠᠯᠭᠠᠰᠤᠨ ᠤ ᠮᠢᠬᠠᠨ ᠤ ᠦᠬᠡᠷ ᠤᠨ | ᠭᠤᠣᠯᠳᠠᠯᠭᠠᠲᠤ ᠰᠦᠷᠦᠭ ᠤᠨ ᠡᠷᠤᠬᠡ ᠼᠦᠩ ᠫᠧᠢ ᠭᠦᠸᠧ ᠶᠢᠨ ᠬᠢ ᠲᠠᠷᠭᠤ ᠬᠦᠴᠦ ᠰᠠᠶᠢᠲᠠᠢ 200 ᠭᠠᠷᠤᠢ ︽ | ᠦᠵᠦᠮᠦᠴᠢᠨ ᠴᠠᠭᠠᠨ ᠦᠬᠡᠷ︾ ᠲᠠᠢ ᠪᠠᠶᠢᠵᠤ᠂ ᠡᠳᠡᠭᠡᠷ ᠦᠬᠡᠷ ᠨᠢ ᠼᠦᠩ ᠫᠧᠢ ᠭᠦᠸᠧ ᠶᠢᠨ ᠬᠢᠨ ᠳᠤ | ᠪᠠᠶᠠᠵᠢᠯ ᠤᠨ ᠵᠠᠮ ᠢ ᠨᠡᠭᠡᠭᠡᠵᠦ ᠥᠭᠴᠡᠢ᠃ ︽ᠨᠠᠮᠠᠶᠢ ᠮᠡᠳᠡᠭᠡ ᠣᠷᠣᠭᠰᠠᠨ ᠠᠴᠠ ᠠᠪᠤᠭᠠᠳ᠂ ᠮᠠᠨ ᠤ ᠠᠪᠤ | ᠱᠠᠷᠦ᠋ᠯᠠᠢ ᠦᠬᠡᠷ ᠤᠨ ᠡᠭᠦᠯᠳᠡᠷ ᠰᠠᠶᠢᠵᠢᠷᠠᠭᠤᠯᠬᠤ ᠪᠠ ᠪᠣᠶᠢᠵᠢᠭᠤᠯᠬᠤ ᠠᠵᠢᠯ ᠢ ᠬᠢᠭᠰᠡᠭᠡᠷ ᠢᠷᠡᠭᠰᠡᠨ ᠶᠤᠮ᠂ ᠣᠳᠣ | ᠡᠳᠡᠭᠡᠷ ᠡᠭᠦᠯᠳᠡᠷ ᠰᠠᠶᠢᠵᠢᠷᠠᠭᠤᠯᠤᠭᠰᠠᠨ ᠴᠠᠭᠠᠨ ᠦᠬᠡᠷ ᠨᠢ ᠲᠤᠰ ᠭᠠᠵᠠᠷ ᠣᠷᠣᠨ ᠤ ᠪᠠᠨ ᠠᠭᠤᠷ ᠠᠮᠢᠰᠬᠤᠯ ᠳᠤ | ᠵᠣᠬᠢᠴᠠᠵᠤ᠂ ᠬᠦᠢᠲᠡᠨ ᠪᠣᠯᠣᠨ ᠭᠠᠩ ᠬᠠᠭᠰᠠᠷᠠᠭᠠᠨ ᠳᠤ ᠣᠨᠴᠠ ᠲᠡᠰᠪᠦᠷᠢᠲᠡᠢ ᠪᠣᠯᠣᠭᠰᠠᠨ ᠪᠠᠶᠢᠨ᠎ᠠ᠃ ᠪᠢᠳᠡ | ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ | ᠮᠡᠷᠭᠡᠵᠢᠯ ᠤᠨ ᠵᠢᠯᠣᠭᠤᠳᠤᠯᠭ᠎ᠠ ᠶᠣᠰᠣᠭᠠᠷ ᠮᠠᠯᠵᠢᠵᠤ᠂ ᠮᠠᠨ ᠤ ᠦᠬᠡᠷ ᠪᠣᠶᠢᠵᠢᠯᠲᠠ ᠲᠦᠷᠭᠡᠨ ᠮᠥᠷᠲᠡᠭᠡᠨ | ᠡᠪᠡᠳᠴᠢᠨ ᠬᠢᠵᠢᠭ ᠲᠤᠰᠬᠤ ᠦᠭᠡᠢ᠂ ᠲᠠᠷᠭᠤ ᠬᠦᠴᠦ ᠪᠠᠨ ᠬᠠᠳᠠᠭᠠᠯᠠᠬᠤ ᠨᠢ ᠴᠤ ᠰᠠᠶᠢᠨ᠂ ᠬᠡᠭᠡᠯᠲᠦᠭᠦᠯᠭᠡ ᠶᠢᠨ | ᠨᠣᠷᠮ᠎ᠠ ᠴᠦ ᠦᠨᠳᠦᠰᠦᠨ ᠳᠡᠭᠡᠨ ᠵᠠᠭᠤᠨ ᠤ ᠵᠠᠭᠤ ᠳᠤ ᠬᠦᠷᠴᠦ ᠪᠠᠶᠢᠨ᠎ᠠ︾ ᠭᠡᠵᠦ ᠼᠦᠩ ᠫᠧᠢ ᠭᠦᠸᠧ ᠶᠠᠷᠢᠯ᠎ᠠ᠃ | | ᠼᠦᠩ ᠫᠧᠢ ᠭᠦᠸᠧ ᠶᠢᠨ ᠲᠠᠨᠢᠯᠴᠠᠭᠤᠯᠤᠭᠰᠠᠨ ᠢᠶᠠᠷ᠂ ᠡᠭᠦᠯᠳᠡᠷ ᠰᠠᠶᠢᠵᠢᠷᠠᠭᠤᠯᠤᠭᠰᠠᠨ ᠤ ᠳᠠᠷᠠᠭᠠᠬᠢ ︽ | ᠦᠵᠦᠮᠦᠴᠢᠨ ᠴᠠᠭᠠᠨ ᠦᠬᠡᠷ︾ ᠤᠨ ᠬᠠᠷ᠎ᠠ ᠮᠢᠬ᠎ᠠ ᠨᠢ ᠠᠷᠪᠢᠨ᠂ ᠲᠠᠷᠭᠤ ᠠᠪᠬᠤ ᠨᠢ ᠲᠦᠷᠭᠡᠨ᠂ ᠲᠡᠵᠢᠭᠡᠯ ᠠᠪᠬᠤ | ᠨᠣᠷᠮ᠎ᠠ ᠨᠢ ᠥᠨᠳᠥᠷ ᠵᠡᠷᠭᠡ ᠳᠠᠪᠠᠭᠤᠯᠢᠭ ᠲᠠᠢ ᠪᠠᠶᠢᠵᠤ᠂ ᠨᠠᠰᠤ ᠭᠦᠢᠴᠡᠭᠰᠡᠨ ᠪᠤᠬ᠎ᠠ ᠶᠢᠨ ᠪᠡᠶ᠎ᠡ ᠶᠢᠨ ᠬᠦᠨᠳᠦ ᠨᠢ | 750 ᠺᠢᠯᠣᠭ᠍ᠷᠠᠮ ᠠᠴᠠ 1650 ᠺᠢᠯᠣᠭ᠍ᠷᠠᠮ ᠬᠦᠷᠴᠦ᠂ ᠦᠨᠢᠶᠡᠨ ᠤ ᠪᠡᠶ᠎ᠡ ᠶᠢᠨ ᠬᠦᠨᠳᠦ ᠨᠢ 600 ᠺᠢᠯᠣᠭ᠍ᠷᠠᠮ | ᠠᠴᠠ 1000 ᠺᠢᠯᠣᠭ᠍ᠷᠠᠮ ᠬᠦᠷᠳᠡᠭ᠃ ᠣᠶᠢᠷ᠎ᠠ ᠶᠢᠨ ᠵᠢᠯ ᠳᠤ ᠼᠦᠩ ᠫᠧᠢ ᠭᠦᠸᠧ ︽ᠬᠤᠨᠢ ᠶᠢ ᠴᠥᠭᠡᠳᠬᠡᠨ | ᠦᠬᠡᠷ ᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠮᠡᠷᠭᠡᠵᠢᠯ ᠤᠨ ᠵᠢᠯᠣᠭᠤᠳᠤᠯᠭ᠎ᠠ ᠶᠣᠰᠣᠭᠠᠷ᠂ ︽ | ᠪᠡᠯᠴᠢᠭᠡᠷᠯᠡᠭᠦᠯᠬᠦ + ᠬᠠᠰᠢᠶᠠᠯᠠᠨ ᠲᠡᠵᠢᠭᠡᠬᠦ︾ ᠵᠠᠭᠪᠤᠷ ᠢ ᠬᠡᠷᠡᠭᠯᠡᠨ ᠪᠡᠯᠴᠢᠭᠡᠷ ᠤᠨ ᠳᠠᠷᠤᠯᠲᠠ ᠶᠢ | ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠴᠦ ᠪᠠᠭᠤᠷᠠᠭᠤᠯᠤᠭᠰᠠᠨ | ᠪᠠᠶᠢᠨ᠎ᠠ᠃ ᠰᠢᠯᠢᠳᠡᠭ ᠡᠭᠦᠯᠳᠡᠷ ᠪᠠ ᠰᠢᠨᠵᠢᠯᠡᠬᠦ ᠤᠬᠠᠭᠠᠨᠴᠢ ᠪᠠᠷ ᠮᠠᠯᠵᠢᠬᠤ ᠶᠢ ᠤᠶᠠᠯᠳᠤᠭᠤᠯᠤᠭᠰᠠᠨ ᠢᠶᠠᠷ᠂ | ᠲᠡᠳᠡᠨ ᠤ ᠲᠤᠭᠤᠯ ᠨᠢ ᠵᠠᠬ᠎ᠠ ᠳᠡᠯᠭᠡᠭᠦᠷ ᠳᠡᠭᠡᠷᠡᠬᠢ ᠪᠤᠰᠤᠳ ᠲᠥᠷᠥᠯ ᠤᠨ ᠲᠤᠭᠤᠯ ᠠᠴᠠ ᠪᠠᠷᠤᠭ 3000 — | 4000 ᠲᠥᠭᠦᠷᠢᠭ ᠦᠨᠡᠲᠡᠢ ᠪᠠᠶᠢᠳᠠᠭ᠂ ᠥᠨᠳᠥᠷ ᠶᠠᠰᠤ ᠴᠢᠨᠠᠷ ᠲᠠᠢ ︽ᠦᠵᠦᠮᠦᠴᠢᠨ ᠴᠠᠭᠠᠨ ᠦᠬᠡᠷ︾ ᠢ | ᠪᠣᠷᠣᠯᠠᠭᠤᠯᠬᠤ ᠪᠠᠷ ᠳᠡᠮᠵᠢᠨ᠂ ᠼᠦᠩ ᠫᠧᠢ ᠭᠦᠸᠧ ᠶᠢᠨ ᠬᠢᠨ 50 ︱ 100 ᠲᠦᠮᠡᠨ ᠲᠥᠭᠦᠷᠢᠭ ᠤᠨ ᠵᠢᠯ ᠤᠨ | ᠴᠡᠪᠡᠷ ᠣᠷᠣᠯᠭ᠎ᠠ ᠪᠠᠨ ᠪᠠᠲᠤᠯᠠᠵᠤ ᠪᠣᠶ᠃ | ᠡᠳᠡᠭᠡᠷ ᠵᠢᠯ ᠤᠳ ᠲᠤ᠂ ᠼᠦᠩ ᠫᠧᠢ ᠭᠦᠸᠧ ᠰᠤᠷᠤᠯᠴᠠᠬᠤ ᠶᠢᠨ ᠳᠠᠭᠠᠤ ᠦᠢᠯᠡᠳᠦᠯᠭᠡᠵᠢᠭᠦᠯᠵᠦ᠂ ᠤᠯᠠᠨ ᠵᠢᠯ | ᠤᠨ ᠮᠠᠯᠵᠢᠯᠭ᠎ᠠ ᠶᠢᠨ ᠲᠤᠷᠰᠢᠯᠭ᠎ᠠ ᠲᠠᠢ ᠪᠦᠭᠡᠳ ᠰᠢᠷᠭᠠᠭᠤ ᠬᠥᠳᠡᠯᠮᠦᠷᠢᠯᠡᠳᠡᠭ ᠲᠡᠷᠡᠪᠡᠷ᠂ ᠨᠤᠲᠤᠭ ᠤᠰᠤᠨ ᠳᠠᠭᠠᠨ | ︽ᠴᠠᠭᠠᠨ ᠦᠬᠡᠷ ᠤᠨ ᠮᠡᠷᠭᠡᠵᠢᠯᠲᠡᠨ︾ ᠪᠣᠯᠵᠤ᠂ ᠲᠡᠳᠡᠨ ᠤ ᠬᠢᠨ ᠳᠤ ᠲᠤᠭᠤᠯ ᠬᠤᠳᠠᠯᠳᠤᠨ ᠠᠪᠬᠤ ᠪᠤᠶᠤ ᠦᠬᠡᠷ | ᠮᠠᠯᠵᠢᠬᠤ ᠲᠤᠷᠰᠢᠯᠭ᠎ᠠ ᠰᠤᠷᠤᠯᠴᠠᠬᠤ ᠪᠠᠷ ᠢᠷᠡᠭᠰᠡᠨ ᠮᠠᠯᠴᠢᠳ ᠲᠠᠰᠤᠷᠠᠬᠤ ᠦᠭᠡᠢ ᠪᠠᠶᠢᠳᠠᠭ᠃ | ︽ᠮᠠᠨ ᠤ ᠬᠢ ᠶᠡᠷᠦ ᠳᠡᠭᠡᠨ ᠥᠷᠯᠥᠭᠡ ᠶᠢᠨ ᠵᠢᠷᠭᠤᠭ᠎ᠠ ᠳᠣᠯᠣᠭᠠᠨ ᠴᠠᠭ ᠪᠠ ᠦᠳᠡ ᠶᠢᠨ ᠬᠤᠶᠢᠨ᠎ᠠ ᠶᠢᠨ | ᠬᠤᠶᠠᠷ ᠭᠤᠷᠪᠠᠨ ᠴᠠᠭ ᠤᠨ ᠣᠷᠴᠢᠮ ᠢᠶᠠᠷ ᠡᠳᠦᠷ ᠲᠤ ᠬᠤᠶᠠᠷ ᠤᠳᠠᠭ᠎ᠠ ᠲᠡᠵᠢᠭᠡᠳᠡᠭ᠂ 1 ᠦᠬᠡᠷ ᠲᠤ ᠡᠳᠦᠷ | ᠪᠦᠷᠢ ᠪᠠᠷᠤᠭ ᠠᠷᠪᠠᠨ ᠲᠠᠪᠤᠨ ᠵᠢᠩ ᠡᠪᠡᠰᠦ᠂ ᠲᠠᠪᠤᠨ ᠵᠢᠩ ᠪᠣᠷᠳᠤᠭ᠎ᠠ ᠥᠭᠳᠡᠭ᠂ ᠡᠳᠦᠷ ᠪᠦᠷᠢ ᠶᠢᠨ 1 | ᠲᠣᠯᠣᠭᠠᠢ ᠦᠬᠡᠷ ᠲᠤ ᠨᠣᠭᠳᠠᠬᠤ ᠪᠣᠷᠳᠣᠭᠠᠨ ᠤ ᠥᠪᠡᠷ ᠤᠨ ᠥᠷᠲᠡᠭ ᠨᠢ 22 ᠲᠥᠭᠦᠷᠢᠭ ᠲᠤ ᠬᠦᠷᠳᠡᠭ︾ ᠭᠡᠬᠦ | ᠮᠡᠲᠦ ᠪᠠᠷ ᠼᠦᠩ ᠫᠧᠢ ᠭᠦᠸᠧ ᠦᠷᠭᠦᠯᠵᠢ ᠤᠲᠠᠰᠤ ᠪᠠᠷ ᠶᠠᠷᠢᠵᠤ ᠪᠠᠶᠢᠳᠠᠭ᠃ ᠮᠠᠯᠵᠢᠬᠤ ᠦᠢᠯᠡᠰ ᠨᠢ ᠬᠡᠳᠦᠢ | ᠥᠭᠡᠳᠡᠯᠡᠨ ᠬᠥᠭᠵᠢᠵᠦ ᠪᠠᠶᠢᠭ᠎ᠠ ᠴᠤ ᠼᠦᠩ ᠫᠧᠢ ᠭᠦᠸᠧ ᠪᠣᠰᠣᠳ ᠮᠠᠯᠴᠢᠳ ᠢᠶᠠᠨ ᠬᠠᠪᠰᠤᠷᠬᠤ ᠶᠢ ᠶᠡᠷᠦ ᠠᠴᠠ | ᠮᠠᠷᠲᠠᠳᠠᠭ ᠦᠭᠡᠢ᠂ ︽ᠴᠠᠭᠠᠨ ᠦᠬᠡᠷ ᠤᠨ ᠮᠡᠷᠭᠡᠵᠢᠯᠲᠡᠨ︾ ᠤ ᠨᠡᠷ᠎ᠡ ᠠᠯᠳᠠᠷ ᠴᠤ ᠳᠠᠮᠵᠢᠨ ᠤᠯᠠᠮᠵᠢᠯᠠᠭᠳᠠᠵᠤ᠂ | 2023 ᠣᠨ ᠳᠤ ᠰᠥᠨᠢᠳ ᠵᠡᠭᠦᠨ ᠬᠤᠰᠢᠭᠤᠨ ᠤ ᠮᠠᠯᠴᠢᠨ ᠪᠣᠯᠣᠳᠪᠠᠭᠠᠲᠤᠷ ᠪᠣᠯᠣᠨ ᠲᠣᠭᠳᠠᠬᠤ ᠲᠤᠰᠬᠠᠶᠢᠯᠠᠨ | ᠪᠠᠷᠠᠭᠤᠨ ᠦᠵᠦᠮᠦᠴᠢᠨ ᠬᠤᠰᠢᠭᠤᠨ ᠳᠤ ᠢᠷᠡᠵᠦ᠂ ᠼᠦᠩ ᠫᠧᠢ ᠭᠦᠸᠧ ᠶᠢᠨ ᠬᠢ ᠠᠴᠠ 6 ᠡᠷ᠎ᠡ ᠲᠤᠭᠤᠯ ᠪᠣᠯᠣᠨ | 5 ᠥᠬᠢᠨ ᠲᠤᠭᠤᠯ ᠬᠤᠳᠠᠯᠳᠤᠨ ᠠᠪᠤᠭᠰᠠᠨ ᠪᠢᠯᠡ᠃ ᠨᠢᠳᠤᠨᠤᠨ᠂ ᠼᠦᠩ ᠫᠧᠢ ᠭᠦᠸᠧ ᠡᠭᠦᠯᠳᠡᠷ | ᠰᠠᠶᠢᠵᠢᠷᠠᠭᠤᠯᠬᠤ ᠱᠠᠭᠠᠷᠳᠠᠯᠭ᠎ᠠ ᠲᠠᠢ ᠮᠠᠯᠴᠢᠳ ᠲᠤ ᠨᠡᠶᠢᠲᠡ 100 ᠭᠠᠷᠤᠢ ᠲᠤᠭᠤᠯ ᠬᠤᠳᠠᠯᠳᠤᠨ ᠥᠭᠴᠡᠢ᠃ | ᠼᠦᠩ ᠫᠧᠢ ᠭᠦᠸᠧ ︽ᠦᠵᠦᠮᠦᠴᠢᠨ ᠴᠠᠭᠠᠨ ᠦᠬᠡᠷ︾ ᠢ ᠲᠡᠵᠢᠭᠡᠨ ᠦᠷᠡᠵᠢᠭᠦᠯᠦᠭᠰᠡᠨ ᠨᠢ ᠤᠯᠠᠮᠵᠢᠯᠠᠯᠲᠤ | ᠮᠠᠯ ᠠᠵᠤ ᠠᠬᠤᠢ ᠶᠢ ᠵᠠᠬ᠎ᠠ ᠳᠡᠯᠭᠡᠭᠦᠷᠴᠢᠯᠡᠨ ᠬᠥᠭᠵᠢᠭᠦᠯᠬᠦ ᠳᠤ ᠬᠤᠪᠢ ᠨᠡᠮᠡᠷᠢ ᠦᠵᠡᠭᠦᠯᠵᠦ᠂ ᠲᠠᠯ᠎ᠠ ᠨᠤᠲᠤᠭ ᠤᠨ | ᠪᠦᠯᠬᠦᠮᠳᠡᠯ ᠳᠠᠪᠰᠢᠯᠲᠠ ᠶᠢ ᠪᠠᠲᠤᠳᠬᠠᠬᠤ ᠳᠤ ᠴᠤ ᠬᠦᠴᠦ ᠨᠡᠮᠡᠷᠢᠯᠡᠭᠰᠡᠨ ᠪᠠᠶᠢᠨ᠎ᠠ᠃ | 2024 ᠣᠨ ᠳᠤ᠂ ᠪᠠᠷᠠᠭᠤᠨ ᠦᠵᠦᠮᠦᠴᠢᠨ ᠬᠤᠰᠢᠭᠤ ᠤᠯᠤᠰ ᠤᠨ ᠴᠢᠬᠤᠯᠠ ᠲᠠᠷᠢᠶᠠᠯᠠᠩ ᠪᠠ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠬᠦᠴᠦᠲᠡᠢ ᠠᠬᠢᠭᠤᠯᠵᠤ᠂ ᠤᠯᠠᠮᠵᠢᠯᠠᠯᠲᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ | ᠣᠳᠣ ᠦᠶ᠎ᠡ ᠶᠢᠨ ᠠᠮᠢ ᠠᠬᠤᠢ ᠶᠢᠨ ᠮᠠᠯ ᠠᠵᠤ ᠠᠬᠤᠢ ᠶᠢᠨ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ︽ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠢ | ᠬᠡᠷᠡᠭᠵᠢᠭᠦᠯᠬᠦ ᠲᠥᠰᠥᠯ︾ ᠢ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠹᠷᠠᠨᠼᠢ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠨ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠠᠶᠢᠭᠤᠯᠵᠤ᠂ | ᠡᠭᠦᠯᠳᠡᠷ ᠤᠨ ᠰᠦᠷᠦᠭ ᠢ ᠥᠷᠭᠡᠳᠬᠡᠨ ᠳᠡᠯᠭᠡᠷᠡᠭᠦᠯᠬᠦ ᠬᠤᠷᠳᠤᠴᠠ ᠶᠢ ᠲᠦᠷᠭᠡᠳᠬᠡᠵᠦ᠂ ᠴᠠᠭᠠᠨ ᠦᠬᠡᠷ ᠤᠨ ᠠᠵᠤ | ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ︽ᠦᠵᠦᠮᠦᠴᠢᠨ ᠴᠠᠭᠠᠨ ᠦᠬᠡᠷ︾ ᠤᠨ ᠰᠢᠨ᠎ᠡ ᠡᠭᠦᠯᠳᠡᠷ ᠢ | ᠮᠠᠭᠠᠳᠯᠠᠨ ᠲᠣᠭᠲᠠᠭᠠᠬᠤ ᠪᠠ ᠳᠡᠯᠭᠡᠷᠡᠭᠦᠯᠬᠦ ᠶᠢ ᠬᠦᠴᠦᠯᠡᠨ ᠠᠬᠢᠭᠤᠯᠵᠤ᠂ ᠤᠯᠤᠰ ᠤᠨ ᠲᠠᠰ ᠤᠨ ᠪᠠᠷᠢᠮᠵᠢᠶᠠᠲᠤ | ᠱᠠᠷᠦ᠋ᠯᠠᠢ ᠦᠬᠡᠷ ᠤᠨ ᠡᠭᠦᠯᠳᠡᠷ ᠪᠣᠶᠢᠵᠢᠭᠤᠯᠬᠤ ᠭᠤᠣᠯ ᠲᠠᠯᠠᠪᠠᠶ ᠪᠠ ᠡᠭᠦᠯᠳᠡᠷ ᠬᠠᠮᠠᠭᠠᠯᠠᠬᠤ ᠲᠠᠯᠠᠪᠠᠶ ᠶᠢ ᠪᠦᠲᠦᠭᠡᠨ | ᠪᠠᠶᠢᠭᠤᠯᠵᠤ᠂ ︽ᠨᠢᠭᠡ ᠰᠢᠶᠠᠩ ᠨᠢᠭᠡ ᠪᠦᠲᠦᠭᠡᠭᠳᠡᠬᠦᠨ︾ ᠤ ᠣᠨᠴᠠᠯᠢᠭᠲᠤ ᠠᠵᠤ ᠦᠢᠯᠡᠰ ᠤᠨ ᠰᠠᠭᠤᠷᠢᠨ | ᠭᠠᠵᠠᠷ ᠢ ᠲᠦᠷᠭᠡᠳᠬᠡᠨ ᠪᠠᠶᠢᠭᠤᠯᠵᠤ᠂ ᠦᠵᠦᠮᠦᠴᠢᠨ ᠴᠠᠭᠠᠨ ᠦᠬᠡᠷ ᠵᠡᠷᠭᠡ ᠲᠠᠷᠢᠶᠠᠯᠠᠩ ᠮᠠᠯ ᠠᠵᠤ ᠠᠬᠤᠢ ᠶᠢᠨ | ᠨᠠᠷᠠᠲᠤ ᠲᠡᠮᠳᠡᠭᠲᠦ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯᠣᠨ᠎ᠠ᠃ | ᠮᠠᠯᠴᠢᠨ ᠼᠦᠩ ᠫᠧᠢ ᠭᠦᠸᠧ | — ︽ᠦᠵᠦᠮᠦᠴᠢᠨ ᠴᠠᠭᠠᠨ ᠦᠬᠡᠷ︾ ᠨᠢ ᠲᠥᠯ ᠰᠠᠶᠢᠲᠠᠢ᠂ ᠲᠡᠵᠢᠭᠡᠯ ᠠᠪᠬᠤ ᠨᠢ ᠰᠠᠶᠢᠨ᠂ ᠡᠪᠡᠳᠴᠢᠨ | ᠡᠰᠡᠷᠭᠦᠴᠡᠬᠦ ᠴᠢᠳᠠᠪᠤᠷᠢ ᠨᠢ ᠰᠠᠶᠢᠨ᠂ ᠪᠡᠶ᠎ᠡ ᠪᠢᠯᠳᠠᠷ ᠨᠢ ᠲᠣᠮᠣ ᠵᠡᠷᠭᠡ ᠳᠥᠷᠪᠡᠨ ᠳᠠᠪᠠᠭᠤᠯᠢᠭ ᠲᠠᠯ᠎ᠠ ᠲᠠᠢ᠃ ᠮᠠᠰᠢ | ᠣᠯᠠᠨ ᠮᠠᠯᠴᠢᠳ ᠡᠨᠡᠬᠦ ᠳᠠᠪᠠᠭᠤᠯᠢᠭ ᠲᠠᠯ᠎ᠠ ᠶᠢ ᠨᠢ ᠲᠠᠨᠢᠵᠤ᠂ ᠮᠠᠨ ᠤ ᠬᠢ ᠠᠴᠠ ᠡᠬᠡ ᠮᠠᠯ ᠪᠤᠶᠤ ᠪᠤᠬ᠎ᠠ | ᠬᠤᠳᠠᠯᠳᠤᠨ ᠠᠪᠬᠤ ᠪᠠᠷ ᠢᠷᠡᠳᠡᠭ᠂ ᠪᠠᠰᠠ ᠮᠠᠯᠵᠢᠬᠤ ᠠᠷᠭ᠎ᠠ ᠶᠢᠨ ᠲᠠᠯ᠎ᠠ ᠪᠠᠷ ᠶᠠᠷᠢᠯᠴᠠᠵᠤ ᠠᠰᠠᠭᠤᠨ ᠯᠠᠪᠯᠠᠳᠠᠭ᠂ | ᠮᠠᠯᠵᠢᠬᠤ ᠦᠢᠯᠡᠳᠪᠦᠷᠢᠯᠡᠯ ᠤᠨ ᠲᠠᠯ᠎ᠠ ᠪᠠᠷ ᠪᠢᠳᠡ ᠬᠠᠷᠢᠯᠴᠠᠨ ᠰᠤᠷᠤᠯᠴᠠᠳᠠᠭ᠃ |