ᠪᠠᠷᠠᠭᠤᠨ ᠦᠵᠦᠮᠦᠴᠢᠨ ᠬᠤᠰᠢᠭᠤ ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠣ ᠪᠠᠶᠢᠨ᠎ᠠ
ᠨᠡᠶᠢᠲᠡᠯᠡᠭᠰᠡᠨ ᠴᠠᠭ᠄
2024/2/28
                                                   ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2023 ᠣᠨ ᠳᠤ᠂ ᠪᠠᠷᠠᠭᠤᠨ ᠦᠵᠦᠮᠦᠴᠢᠨ ᠬᠤᠰᠢᠭᠤ ᠪᠥᠬᠦ ᠤᠯᠤᠰ ᠲᠤ ᠬᠠᠨᠳᠤᠭᠤᠯᠤᠨ ᠮᠣᠩᠭᠤᠯ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠶᠢ ᠢᠯᠡ ᠪᠠᠷ ᠤᠷᠢᠨ ᠬᠡᠷᠡᠭᠯᠡᠵᠦ᠂ ᠱᠠᠲᠤ ᠱᠠᠲᠤ  ᠶᠢᠨ ᠬᠢᠨᠠᠨ ᠰᠢᠯᠭᠠᠬᠤ ᠪᠠᠷ ᠳᠡᠮᠵᠢᠨ᠂ ᠲᠠᠩ ᠠᠢ ᠮᠢᠨ ᠨᠥᠬᠦᠷ ᠢ ᠮᠣᠩᠭᠤᠯ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠪᠠᠷ ᠤᠷᠢᠨ ᠲᠣᠮᠢᠯᠠᠬᠤ ᠪᠠᠷ ᠲᠣᠭᠲᠠᠪᠠ᠃ 1 ᠰᠠᠷ᠎ᠠ ᠶᠢᠨ 8 ᠤ ᠡᠳᠦᠷ᠂ ᠲᠠᠩ ᠠᠢ ᠮᠢᠨ ᠨᠥᠬᠦᠷ ᠲᠤᠰᠢᠶᠠᠯ ᠡᠭᠦᠷᠭᠡᠯᠡᠨ ᠠᠵᠢᠯ ᠤᠨ ᠪᠠᠶᠢᠷᠢ ᠳᠤ ᠪᠠᠨ ᠭᠠᠷᠪᠠ᠃      ᠲᠠᠩ ᠠᠢ ᠮᠢᠨ ᠡᠷᠬᠢᠯᠡᠭᠴᠢ ᠡᠮᠴᠢ ᠪᠣᠯ ᠮᠣᠩᠭᠤᠯ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ ᠬᠥᠬᠡᠨᠠᠭᠤᠷ ᠤᠨ ᠭᠤᠤᠯᠮᠤᠳ ᠬᠤᠲᠠ ᠶᠢᠨ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠰᠢᠨᠵᠢᠯᠡᠭᠡᠨ ᠤ ᠨᠡᠶᠢᠭᠡᠮᠯᠢᠭ ᠤᠨ ᠮᠣᠩᠭᠤᠯ ᠡᠮ ᠡᠮᠨᠡᠯᠭᠡ ᠶᠢᠨ ᠳᠡᠯᠭᠡᠷᠡᠭᠦᠯᠦᠯ ᠤᠨ ᠠᠷᠭ᠎ᠠ ᠪᠠᠷᠢᠯ ᠤᠨ ᠬᠥᠬᠡᠨᠠᠭᠤᠷ ᠮᠤᠵᠢ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠠᠨᠠᠭᠠᠬᠤ ᠤᠬᠠᠭᠠᠨ ᠤ ᠢᠨᠵᠧᠨᠧᠷᠢᠩ ᠤᠨ ᠤᠬᠠᠭᠠᠨ ᠤ ᠬᠤᠪᠢᠶᠠᠷᠢ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠲᠡᠭᠦᠰᠴᠦ᠂ ᠮᠣᠩᠭᠤᠯ ᠡᠮᠨᠡᠯᠭᠡ ᠶᠢᠨ ᠡᠮᠴᠢᠯᠡᠭᠡᠨ ᠤ ᠠᠵᠢᠯ ᠢ 30 ᠭᠠᠷᠤᠢ ᠵᠢᠯ ᠬᠢᠵᠦ᠂ ᠮᠣᠩᠭᠤᠯ ᠡᠮᠨᠡᠯᠭᠡ ᠶᠢᠨ ᠤᠯᠠᠮᠵᠢᠯᠠᠯᠲᠤ ᠭᠠᠷ ᠠᠪᠤᠯᠭ᠎ᠠ ᠪᠠᠷ ᠵᠡᠭᠦᠦ ᠪᠠᠷ ᠬᠠᠳᠬᠤᠬᠤ᠂ ᠰᠣᠷᠣᠭᠤᠯ ᠲᠠᠯᠪᠢᠬᠤ᠂ ᠴᠢᠰᠤ ᠲᠠᠯᠪᠢᠬᠤ ᠵᠠᠰᠠᠯᠭ᠎ᠠ ᠳᠤ ᠭᠠᠷᠮᠠᠭᠠᠢ ᠪᠠᠶᠢᠵᠤ᠂ ᠬᠦᠵᠦᠭᠦᠦ ᠰᠡᠭᠡᠷ ᠤᠨ ᠡᠪᠡᠳᠴᠢᠨ᠂ ᠪᠦᠰᠡᠯᠡᠭᠦᠷ ᠨᠢᠷᠤᠭᠤᠨ ᠤ ᠰᠡᠭᠡᠷ ᠤᠨ ᠲᠠᠪᠠᠭ ᠳᠣᠪᠤᠶᠢᠭᠰᠠᠨ ᠭᠡᠮ᠂ ᠲᠦᠷᠭᠡᠨ ᠴᠢᠨᠠᠷᠲᠠᠢ ᠨᠢᠷᠤᠭᠤ ᠮᠤᠰᠬᠢᠷᠠᠬᠤ᠂ ᠮᠥᠷᠥᠨ ᠦᠶ᠎ᠡ ᠶᠢᠨ ᠦᠷᠪᠢᠰᠦᠯ᠂ ᠰᠠ ᠡᠪᠡᠳᠴᠢᠨ ︵ᠲᠠᠯ᠎ᠠ ᠪᠡᠶ᠎ᠡ ᠲᠠᠮᠪᠠᠷᠠᠬᠤ︶᠂ ᠲᠠᠷᠢᠬᠢᠨ ᠤ ᠳᠣᠷᠭᠢᠯᠲᠠ᠂ ᠬᠡᠷᠦᠬᠦ ᠴᠢᠨᠠᠷᠲᠠᠢ ᠦᠶ᠎ᠡ  ᠬᠡᠰᠢᠬᠦᠤ ᠶᠢᠨ ᠦᠷᠪᠢᠰᠦᠯ ᠵᠢᠴᠢ ᠰᠢᠩᠭᠡᠭᠡᠯᠲᠡ ᠶᠢᠨ ᠰᠢᠰᠲ᠋ᠧᠮ ᠵᠡᠷᠭᠡ ᠡᠪᠡᠳᠴᠢᠨ ᠢ ᠡᠮᠨᠡᠨ ᠵᠠᠰᠠᠬᠤ ᠳᠤ ᠭᠠᠷᠮᠠᠭᠠᠢ ᠪᠠᠶᠢᠳᠠᠭ᠃ 32 ᠵᠢᠯ ᠤᠨ ᠲᠤᠷᠰᠢ᠂ ᠲᠡᠷᠡ ᠨᠠᠮ ᠤᠨ ᠡᠷᠡᠭᠦᠯ ᠬᠠᠮᠠᠭᠠᠯᠠᠯ ᠤᠨ ᠦᠢᠯᠡᠰ ᠲᠤ ᠭᠦᠨ ᠦᠨᠳᠦᠰᠦᠯᠡᠵᠦ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠡᠪᠡᠳᠴᠢᠲᠡᠨ ᠢ ᠲᠦᠷᠦᠯ ᠰᠠᠳᠤᠨ ᠢᠶᠠᠨ ᠰᠢᠭ᠋ ᠦᠵᠡᠵᠦ᠂ ᠠᠵᠢᠯ ᠦᠢᠯᠡᠰ ᠢᠶᠠᠨ ᠠᠮᠢ ᠨᠠᠰᠤ ᠪᠠᠨ ᠰᠢᠭ᠋ ᠳᠡᠭᠡᠳᠦᠯᠡᠵᠤ᠂ ᠥᠷᠭᠡᠨ ᠤᠯᠠᠨ ᠡᠪᠡᠳᠴᠢᠲᠡᠨ ᠵᠢᠴᠢ ᠡᠮᠨᠡᠯᠭᠡ ᠶᠢᠨ ᠬᠤᠷᠢᠶᠠᠨ ᠤ ᠠᠵᠢᠯᠲᠠᠳ ᠤᠨ ᠮᠠᠭᠲᠠᠭᠠᠯ ᠰᠠᠶᠢᠰᠢᠶᠠᠯ ᠢ ᠤᠯᠤᠭᠰᠠᠭᠠᠷ ᠢᠷᠡᠵᠠᠢ᠃     ᠦᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠨᠢ ᠰᠢᠨ᠎ᠡ ᠴᠠᠭ ᠦᠶ᠎ᠡ ᠶᠢᠨ ᠴᠢᠳᠠᠪᠤᠷᠢᠲᠠᠨ  ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠢᠨᠵᠧᠨᠧᠷᠢᠩ ᠪᠣᠯᠭᠠᠵᠤ᠂ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠡᠷᠢᠯᠬᠢᠯᠡᠵᠦ᠂ ᠴᠢᠳᠠᠪᠤᠷᠢᠲᠠᠨ ᠢ ᠣᠷᠣᠭᠤᠯᠬᠤ ᠲᠦᠷᠦ ᠶᠢᠨ ᠪᠣᠳᠣᠯᠭ᠎ᠠ ᠶᠢᠨ ᠡᠷᠴᠢᠮ ᠪᠣᠯᠣᠨ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠬᠦᠴᠦᠯᠡᠨ ᠴᠢᠷᠮᠠᠶᠢᠵᠠᠢ᠃ ᠢᠯᠠᠩᠭᠤᠶ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠢ ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ ᠪᠠ ᠣᠨᠴᠠᠯᠢᠭᠲᠤ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠭᠰᠠᠭᠠᠷ ᠢᠷᠡᠵᠠᠢ᠃ᠪᠠᠷᠠᠭᠤᠨ ᠦᠵᠦᠮᠦᠴᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠧᠢ ᠭᠦᠸᠧ         — ᠴᠢᠳᠠᠪᠤᠷᠢᠲᠠᠨ ᠢ ᠤᠷᠢᠨ ᠬᠡᠷᠡᠭᠯᠡᠵᠦ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠲᠣᠰᠠᠳᠠ᠂ 2023 ᠣᠨ ᠤ ᠳᠣᠣᠷ᠎ᠠ ᠬᠠᠭᠠᠰ ᠵᠢᠯ ᠳᠤ᠂ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠥᠪᠯᠡᠯ ᠤᠨ ᠰᠤᠳᠤᠯᠤᠯᠲᠠ ᠪᠠᠷ ᠳᠡᠮᠵᠢᠨ᠂ ᠪᠥᠬᠦ ᠤᠯᠤᠰ ᠲᠤ ᠬᠠᠨᠳᠤᠭᠤᠯᠤᠨ᠂ ᠮᠠᠨ ᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠡᠯᠰᠡᠬᠦ ᠠᠵᠢᠯ ᠢ ᠢᠯᠡ᠂ ᠡᠷᠬᠡ ᠲᠡᠭᠰᠢ᠂ ᠲᠥᠪ ᠭᠤᠥᠯᠴᠢ ᠪᠠᠶᠢᠬᠤ ᠵᠠᠷᠴᠢᠮ ᠤᠨ ᠳᠣᠣᠷ᠎ᠠ ᠶᠠᠪᠤᠭᠳᠠᠭᠤᠯᠬᠤ ᠶᠢ ᠪᠠᠲᠤᠯᠠᠬᠤ  ᠶᠢᠨ ᠲᠥᠯᠥᠭᠡ᠂ ᠪᠢᠳᠡ ︽ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ  ᠶᠢ ᠢᠯᠡ ᠪᠠᠷ ᠡᠯᠰᠡᠬᠦ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠲᠥᠰᠥᠯ ᠢ ᠦᠨᠳᠦᠰᠦᠯᠡᠨ ᠡᠯ᠎ᠡ ᠰᠢᠯᠭᠠᠯᠲᠠ  ᠳᠤ ᠨᠡᠷ᠎ᠡ ᠮᠡᠳᠡᠭᠦᠯᠦᠭᠰᠡᠳ ᠤᠨ ᠬᠢᠷᠢ ᠬᠡᠮ ᠢ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠬᠤ ᠵᠢᠴᠢ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ ᠵᠡᠷᠭᠡ ᠵᠢᠷᠤᠮ ᠢ ᠪᠠᠲᠤᠯᠠᠵᠤ᠂ ᠡᠴᠦᠰ ᠲᠡᠭᠡᠨ ᠲᠠᠩ ᠠᠢ ᠮᠢᠨ ᠨᠥᠬᠦᠷ ᠢ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠪᠠᠷ ᠤᠷᠢᠨ ᠬᠡᠷᠡᠭᠯᠡᠬᠦ ᠪᠠᠷ ᠲᠣᠭᠲᠠᠪᠠ᠃     ᠤᠷᠢᠭᠳᠠᠭᠰᠠᠨ ᠬᠤᠷᠢᠶᠠᠨ ᠳᠠᠷᠤᠭ᠎ᠠ ᠶᠢ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠠᠯᠪᠠᠨ ᠠᠴᠠ ᠪᠠᠶᠢᠭᠤᠯᠤᠭᠰᠠᠨ ᠬᠤᠶᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯᠯᠠᠭᠠᠨ ᠤ ᠭᠠᠷ ᠳᠡᠪᠲᠡᠷ︾ ᠲᠠᠬᠢ ᠬᠠᠮᠢᠶ᠎ᠠ ᠪᠦᠬᠦᠢ ᠭᠦᠢᠴᠡᠳᠬᠡᠯ ᠲᠤᠭ᠎ᠠ ᠶᠢ ᠦᠨᠳᠦᠰᠦᠯᠡᠬᠦ ᠶᠢᠨ ᠬᠠᠮᠲᠤ᠂ ᠮᠣᠩᠭᠤᠯ ᠡᠮᠨᠡᠯᠭᠡ ᠶᠢᠨ ᠬᠤᠷᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠡᠮᠨᠡᠯᠭᠡ ᠶᠢᠨ  ᠬᠤᠷᠢᠶᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠲᠣᠳᠣᠷᠬᠠᠶᠢᠯᠠᠵᠤ᠂ ᠬᠤᠷᠢᠶᠠᠨ ᠳᠠᠷᠤᠭ᠎ᠠ ᠶᠢᠨ ᠴᠢᠳᠠᠪᠤᠷᠢ ᠶᠢᠨ ᠲᠣᠰᠬᠠᠶᠢᠵᠢᠯᠲᠠ᠂ ᠠᠵᠢᠯ ᠤᠨ ᠳᠥᠷᠢᠮᠵᠢᠯ ᠢ ᠠᠬᠢᠭᠤᠯᠤᠨ᠂ ᠡᠮᠨᠡᠯᠭᠡ ᠶᠢᠨ ᠬᠤᠷᠢᠶᠠᠨ ᠤ ᠬᠠᠮᠢᠶᠠᠷᠣᠯᠲᠠ ᠶᠢᠨ ᠳᠥᠷᠢᠮ ᠢ ᠣᠯᠠᠮ ᠨᠢᠭᠡ ᠠᠯᠬᠤᠮ ᠴᠢᠩᠭᠠᠳᠬᠠᠵᠠᠢ᠃      ᠲᠣᠰ ᠣᠳᠠᠭᠠᠨ ᠤ ᠮᠣᠩᠭᠤᠯ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠶᠢ ᠢᠯᠡ ᠪᠠᠷ ᠡᠯᠰᠡᠬᠦ ᠠᠵᠢᠯ  ᠳᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠤ ᠣᠨ ᠤ ᠴᠠᠯᠢᠩ  ᠤᠨ ᠳᠦᠷᠢᠮ ᠢ ᠬᠡᠷᠡᠭᠵᠢᠭᠦᠯᠦᠭᠰᠡᠨ ᠨᠢ ᠪᠠᠷᠠᠭᠤᠨ ᠦᠵᠦᠮᠦᠴᠢᠨ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ  ᠶᠢ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠪᠠ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠠᠪᠤᠴᠠ ᠳᠤ  ᠠᠴᠢ ᠬᠤᠯᠪᠣᠭᠳᠠᠯ ᠲᠠᠢ ᠪᠠᠶᠢᠵᠤ᠂ ᠲᠣᠰ ᠣᠳᠠᠭᠠᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠢᠯᠡ  ᠪᠠᠷ ᠡᠯᠰᠡᠬᠦ ᠪᠠᠷ ᠳᠡᠮᠵᠢᠨ᠂ ᠪᠢᠳᠡᠨ ᠤ ᠲᠠᠷᠠᠭᠠᠴᠢ ᠶᠢᠨ ᠠᠯᠬᠤᠮ ᠳᠤ ᠳᠡᠭᠡᠳᠦ ᠲᠠᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠤᠷᠢᠨ ᠬᠡᠷᠡᠭᠯᠡᠬᠦ ᠳᠤ ᠲᠤᠷᠰᠢᠯᠭ᠎ᠠ ᠬᠠᠩᠭᠠᠭᠰᠠᠨ ᠪᠠᠶᠢᠨ᠎ᠠ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号