ᠪᠠᠯᠭᠠᠷᠭᠤᠣᠯ ᠪᠠᠯᠭᠠᠰᠤᠨ ᠤ ᠪᠤᠷᠤᠲᠤᠯᠤᠭᠠᠢ ᠨᠡᠶᠢᠭᠡᠮ ᠲᠣᠭᠤᠷᠢᠭ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/28
                             ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 23 ᠤ ᠡᠳᠦᠷ ᠂ ᠪᠠᠯᠭᠠᠷᠭᠤᠣᠯ ᠪᠠᠯᠭᠠᠰᠣᠨ ᠤ ᠪᠤᠷᠤᠲᠤᠯᠤᠭᠠᠢ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠬᠤᠶᠠᠷ ᠰᠠᠷ᠎ᠠ ᠶᠢᠨ ᠴᠠᠭᠠᠨ ᠰᠠᠷ᠎ᠠ · ᠯᠤᠤᠲᠤ ᠠᠶᠠᠯᠠᠯ︾ ᠭᠡᠬᠦ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢ ᠥᠷᠨᠢᠭᠦᠯᠪᠡ᠃   ᠠᠵᠢᠯᠯᠠᠭ᠎ᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠤᠭᠳᠠᠬᠤᠨ ᠪᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠣᠭᠤᠷᠢᠨ ᠳᠤ ᠲᠠᠶᠢᠯᠤᠮᠵᠢ ᠬᠢᠵᠦ᠂ ᠲᠠᠶᠢᠯᠤᠮᠵᠢ ᠨᠢ ᠪᠠᠶᠠᠯᠢᠭ ᠠᠭᠤᠯᠬᠤᠨ ᠲᠠᠢ᠂ ᠦᠭᠡ ᠬᠡᠯᠡ ᠨᠢ ᠠᠮᠢᠳᠤᠯᠢᠭ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ  ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠬᠦᠯᠬᠦ ᠶᠢ ᠤᠯᠠᠮ ᠴᠢᠨᠠᠭᠰᠢᠳᠠ ᠬᠥᠲᠥᠯᠥᠨ ᠵᠢᠯᠣᠭᠤᠳᠪᠠ᠃    ᠬᠡᠩᠭᠡᠷᠭᠡ ᠶᠢᠨ ᠲᠠᠭᠤᠨ ᠢ ᠳᠠᠭᠠᠯᠳᠤᠨ᠂ ᠬᠠᠷᠢᠶ᠎ᠠ ᠣᠷᠣᠨ ᠤ ᠨᠠᠰᠤᠲᠠᠶᠢᠴᠤᠳ ᠤᠨ ᠶᠠᠩᠬᠢᠷ ᠪᠥᠵᠢᠭ ᠤᠨ ᠠᠩᠭᠢ ᠶᠢᠨ ᠬᠢᠨ ᠣᠯᠠᠨ ᠳᠤ ᠪᠠᠶᠠᠷ ᠬᠥᠷ ᠲᠠᠢ ᠶᠠᠩᠬᠢᠷ ᠪᠥᠵᠢᠭ ᠤᠨ ᠳᠠᠭᠤᠤ᠂  ᠭᠤᠶᠣ ᠰᠠᠶᠢᠬᠠᠨ ᠬᠤᠪᠴᠠᠰᠤ ᠵᠠᠰᠠᠯ᠂ ᠠᠮᠢᠳᠤᠯᠢᠭ ᠰᠠᠶᠢᠬᠠᠨ ᠳᠦᠷᠢ ᠪᠠᠶᠢᠳᠠᠯ᠂ ᠵᠢᠭᠳᠡ ᠰᠠᠶᠢᠬᠠᠨ ᠬᠥᠳᠡᠯᠦᠯ ᠪᠠᠷᠢᠯ ᠨᠢ ᠰᠠᠭᠤᠭᠠᠯᠢ ᠠᠷᠠᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃    ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠨᠠᠮ   ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠦᠨᠳᠦᠰᠦᠲᠡᠨ ᠤ ᠪᠦᠯᠬᠦᠮᠳᠡᠯ᠂ ᠠᠷᠢᠭᠤᠨ ᠴᠢᠬᠡᠴᠢ ᠰᠣᠶᠣᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠡᠷᠡᠭᠦᠯ ᠶᠤᠰᠤ ᠰᠤᠷᠳᠠᠬᠤᠨ ᠵᠡᠷᠭᠡ ᠪᠠᠷ ᠠᠭᠤᠯᠭ᠎ᠠ ᠪᠣᠯᠭᠠᠭᠰᠠᠨ ᠣᠨᠢᠰᠤᠭ᠎ᠠ ᠶᠢ ᠨᠠᠷᠢᠨ ᠨᠢᠮᠪᠠᠢ ᠪᠡᠯᠡᠳᠬᠡᠵᠦ᠂ ᠵᠤᠭ᠎ᠠ ᠴᠡᠩᠭᠡᠯ ᠤᠨ ᠴᠢᠨᠠᠷᠲᠠᠢ ᠮᠥᠷᠲᠡᠭᠡᠨ ᠮᠡᠳᠡᠯᠭᠡ ᠶᠢᠨ ᠴᠢᠨᠠᠷᠲᠠᠢ  ᠪᠠᠶᠢᠵᠤ᠂ ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠢᠳᠡᠪᠬᠢᠲᠡᠢ ᠪᠠᠷ ᠣᠷᠣᠯᠴᠠᠵᠤ᠂ ᠤᠯᠠᠨ ᠢᠶᠠᠷ ᠢᠶᠠᠨ ᠰᠠᠨᠠᠯ ᠢᠶᠠᠨ ᠰᠣᠯᠢᠯᠴᠠᠵᠤ᠂ ᠣᠨᠢᠰᠤᠭ᠎ᠠ ᠲᠠᠭᠠᠵᠥ᠂ ᠥᠯᠵᠡᠶᠢᠲᠦ ᠪᠣᠭᠤᠷᠰᠤᠭ ᠠᠪᠴᠤ᠂ ᠪᠠᠶᠠᠷ ᠤᠨ ᠡᠳᠦᠷ ᠤᠨ ᠠᠭᠤᠷ ᠠᠮᠢᠰᠬᠤᠯ ᠪᠠᠶᠢᠯᠬᠠᠮ᠎ᠠ ᠪᠠᠶᠢᠯ᠎ᠠ᠃   ᠲᠣᠰ ᠣᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭ᠎ᠠ ᠶᠢ ᠤᠯᠠᠮ ᠴᠢᠨᠠᠭᠰᠢᠳᠠ ᠨᠡᠮᠡᠭᠳᠡᠭᠦᠯᠵᠦ᠂ ᠰᠠᠭᠤᠭᠠᠯᠢ ᠠᠷᠠᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠲᠤ ᠲᠤᠰᠬᠠᠭᠳᠠᠭᠰᠠᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠮᠡᠳᠡᠷᠡᠭᠦᠯᠦᠭᠰᠡᠨ ᠪᠠᠶᠢᠨ᠎ᠠ  ᠃    ᠰᠠᠭᠤᠭᠠᠯᠢ ᠠᠷᠠᠳ  ᠭᠤᠣ ᠵᠢᠩ ᠴᠧᠩ — ᠥᠨᠦᠳᠦᠷ ᠪᠣᠷᠣᠲᠣᠯᠣᠭᠠᠢ ᠨᠡᠶᠢᠭᠡᠮ ᠲᠣᠭᠤᠷᠢᠭ ᠨᠢ ᠴᠠᠭᠠᠨ ᠰᠠᠷ᠎ᠠ ᠶᠢᠨ ᠠᠷᠪᠠᠨ ᠲᠠᠪᠣᠨ ᠢ ᠪᠡᠯᠭᠡᠯᠡᠬᠦ ᠠᠵᠢᠯᠯᠠᠭ᠎ᠠ ᠥᠷᠨᠢᠭᠦᠯᠵᠤ᠂ ᠪᠢᠳᠡᠨ ᠮᠠᠰᠢ ᠶᠡᠭᠡ ᠪᠠᠶᠠᠷᠯᠠᠵᠤ ᠪᠠᠶᠢᠨ᠎ᠠ᠂ ᠨᠡᠶᠢᠭᠡᠮ ᠲᠣᠭᠤᠷᠢᠭ ᠠᠴᠠ ᠵᠢᠯ ᠪᠥᠷᠢ ᠡᠶᠢᠮᠦᠷᠬᠦᠦ ᠬᠥᠳᠡᠯᠭᠡᠭᠡᠨ ᠶᠠᠪᠤᠭᠳᠠᠭᠤᠯᠳᠠᠭ ᠪᠠᠶᠢᠵᠤ᠂ ᠲᠣᠰ ᠣᠳᠠᠭᠠᠨ ᠤ ᠠᠵᠢᠯᠯᠠᠭ᠎ᠠ ᠨᠢ ᠴᠦ ᠶᠠᠩᠬᠢᠷ ᠪᠥᠵᠢᠭ ᠪᠥᠵᠢᠭᠯᠡᠵᠤ᠂ ᠣᠨᠢᠰᠤᠭ᠎ᠠ ᠬᠠᠷᠢᠭᠤᠯᠵᠣ ᠠᠭᠤᠯᠭ᠎ᠠ  ᠮᠠᠰᠢ ᠪᠠᠶᠠᠯᠢᠭ᠂ ᠪᠣᠷᠣᠲᠣᠯᠣᠭᠠᠢ ᠨᠡᠶᠢᠭᠡᠮ ᠲᠣᠭᠤᠷᠢᠭ ᠲᠤ  ᠪᠠᠨ ᠲᠠᠯᠠᠷᠬᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号