ᠪᠠᠷᠠᠭᠤᠨ ᠦᠵᠦᠮᠦᠴᠢᠨ ᠬᠤᠰᠢᠭᠤᠨ ᠤ ᠬᠠᠪᠤᠷ ᠤᠨ ᠮᠠᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/2/29
                     ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄      ᠬᠠᠪᠤᠷ ᠤᠨ ᠤᠯᠠᠷᠢᠯ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠨᠢ ᠪᠥᠬᠦ ᠵᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠲᠠᠢ ᠬᠤᠯᠪᠣᠭᠳᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠪᠥᠭᠡᠳ ᠥᠨᠳᠥᠷ ᠦᠷ᠎ᠡ ᠪᠦᠲᠦᠮᠵᠢᠲᠡᠶ᠂ ᠮᠠᠯᠵᠢᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠮᠠᠯᠴᠢᠳ ᠤᠨ ᠪᠠᠶᠠᠨ ᠴᠢᠨᠡᠭᠡᠯᠢᠭ ᠪᠠᠶᠢᠬᠤ ᠲᠠᠢ ᠬᠤᠯᠪᠣᠭᠳᠠᠵᠤ᠂ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠮᠠᠯ ᠠᠵᠤ ᠠᠬᠤᠢ ᠶᠢᠨ ᠠᠵᠢᠯ ᠤᠨ ᠯᠠᠪᠳᠠᠭᠤᠨ ᠪᠠᠲᠤᠲᠠᠢ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠡᠳᠦᠭᠡ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠳᠤᠤᠷ᠎ᠠ ᠮᠡᠳᠡᠭᠳᠡᠶ᠎ᠡ᠄     ᠨᠢᠭᠡ᠂ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ     ᠨᠢᠭᠡ ᠳᠤ᠂ ᠲᠠᠷᠢᠶᠠᠯᠠᠩ ᠮᠠᠯ ᠠᠵᠤ ᠠᠬᠤᠢ᠂ ᠰᠤᠮᠤ ᠪᠠᠯᠭᠠᠰᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠳ ᠤᠬᠠᠭᠤᠯᠭ᠎ᠠ ᠬᠥᠮᠦᠵᠢᠯ ᠪᠠ ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠸᠢᠴᠠᠲ᠂ ᠰᠦᠯᠵᠢᠶᠡᠨ ᠤ   ᠲᠦᠷᠰᠦ ᠰᠢᠩᠭᠡᠭᠡᠯᠲᠡ ᠵᠡᠷᠭᠡ ᠣᠯᠠᠨ ᠠᠷᠭ᠎ᠠ ᠵᠠᠮ ᠢᠶᠠᠷ ᠥᠷᠭᠡᠨ ᠣᠯᠠᠨ ᠮᠠᠯᠵᠢᠬᠤ ᠡᠷᠦᠬᠡ ᠳᠤ ᠮᠠᠯ ᠠᠷᠠᠴᠢᠯᠠᠨ ᠬᠠᠮᠢᠶᠠᠷᠬᠤ ᠮᠡᠷᠭᠡᠵᠢᠯ ᠢ ᠤᠬᠠᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠲᠡᠭᠦᠯᠳᠡᠷᠵᠢᠭᠦᠯᠵᠦ᠂ ᠫᠧᠩ ᠰᠠᠷᠠᠪᠴᠢ ᠶᠢ ᠴᠠᠭ ᠲᠤᠬᠠᠢ ᠳᠤᠨᠢ ᠰᠡᠯᠪᠢᠨ ᠵᠠᠰᠠᠵᠤ᠂ ᠠᠷᠠᠴᠢᠯᠠᠨ ᠲᠡᠵᠢᠭᠡᠬᠦ ᠨᠥᠬᠦᠴᠡᠯ ᠢ ᠰᠠᠶᠢᠵᠢᠷᠠᠭᠤᠯᠤᠨ᠂ ᠳᠤᠯᠠᠭᠠᠨ ᠢ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠫᠧᠩ ᠰᠠᠷᠠᠪᠴᠢ ᠶᠢ ᠠᠷᠢᠭᠤᠳᠬᠠᠨ ᠴᠡᠪᠡᠷᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠲᠥᠯ ᠮᠠᠯ ᠤᠨ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠠᠪᠤᠷ ᠤᠨ ᠤᠯᠠᠷᠢᠯ ᠳᠤ ᠲᠥᠯ ᠲᠤᠰᠴᠤ ᠪᠣᠶᠢᠵᠢᠭᠤᠯᠬᠤ ᠵᠢᠴᠢ ᠮᠠᠯ ᠠᠵᠤ ᠠᠬᠤᠢ ᠶᠢᠨ ᠪᠠᠶᠢᠭᠠᠯᠢ ᠶᠢᠨ ᠭᠠᠮᠰᠢᠭ ᠤᠨ ᠬᠤᠬᠢᠷᠠᠯ ᠤᠨ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠲᠥᠯᠥᠭᠡ᠂ ᠡᠯ᠎ᠡ ᠰᠤᠮᠤ ᠪᠠᠯᠭᠠᠰᠤ ᠠᠵᠢᠯ ᠤᠨ ᠠᠬᠢᠴᠠ ᠶᠢ ᠨᠠᠷᠢᠨ ᠬᠢᠨᠠᠮᠠᠭᠠᠢ ᠰᠠᠶᠢᠲᠤᠷ ᠬᠤᠷᠢᠶᠠᠩᠭᠤᠶᠢᠯᠠᠨ ᠮᠡᠳᠡᠭᠦᠯᠵᠦ᠂ ᠭᠠᠷᠠᠭ ᠤᠨ ᠭᠤᠷᠪᠠᠨ ᠪᠤᠯᠭᠠᠨ ᠳᠤ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠬᠦᠯᠬᠦ ᠬᠡᠷᠡᠭᠳᠡᠢ᠂ ᠬᠠᠷᠢᠯᠴᠠᠬᠤ ᠬᠥᠮᠥᠨ᠄ ᠲᠠᠨ᠎ᠠ᠂ ᠤᠲᠠᠰᠤ᠄ 13947921300᠂ ᠰᠢᠤᠳᠠᠨ ᠤ ᠬᠠᠶᠢᠷᠴᠠᠭ᠄ 383163890@qq.com ︵ᠣᠶᠤᠨᠲᠤ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠰᠢᠰᠲ᠋ᠧᠮ ᠳᠤ ᠮᠡᠳᠡᠭᠦᠯᠦᠨ ᠬᠦᠷᠭᠡᠨ᠎ᠡ︶᠃ ᠬᠤᠶᠠᠷ ᠲᠤ᠂ ᠡᠪᠦᠯ ᠬᠠᠪᠤᠷ ᠤᠨ ᠤᠯᠠᠷᠢᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠨᠡᠨᠬᠦ ᠰᠠᠶᠢᠲᠤᠷ ᠠᠳᠬᠤᠨ᠎ᠠ᠃ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠮᠠᠯᠴᠢᠳ ᠢ ᠵᠣᠬᠢᠶᠠᠨ ᠪᠠᠶᠢᠭᠤᠯᠤᠨ ᠡᠷᠲᠡ ᠠᠴᠠ ᠪᠡᠯᠡᠳᠬᠡᠬᠦ᠂ ᠡᠷᠲᠡ ᠠᠴᠠ ᠰᠡᠷᠭᠡᠶᠢᠯᠡᠬᠦ᠂ ᠡᠷᠲᠡ ᠠᠴᠠ ᠭᠠᠷ ᠬᠥᠳᠡᠯᠬᠦ ᠶᠢ ᠪᠡᠶᠡᠯᠡᠭᠦᠯᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠭᠠᠮᠰᠢᠭ ᠢ ᠰᠡᠷᠭᠡᠶᠢᠯᠡᠨ ᠮᠠᠯ ᠠᠵᠤ ᠠᠬᠤᠢ ᠶᠢ ᠪᠠᠳᠤᠯᠠᠬᠤ ᠠᠵᠢᠯ ᠢ ᠰᠠᠶᠢᠲᠤᠷ ᠬᠢᠵᠦ᠂ ᠡᠪᠡᠰᠦ ᠪᠣᠷᠳᠤᠭ᠎ᠠ ᠶᠢᠨ ᠨᠥᠭᠡᠴᠡ ᠶᠢᠨ ᠬᠡᠮᠵᠢᠶ᠎ᠡ ᠶᠢ ᠨᠡᠮᠡᠭᠳᠡᠭᠦᠯᠦᠨ᠂ ᠡᠮᠦᠨᠡᠬᠢ ᠬᠤᠭᠤᠴᠠᠭᠠᠨ ᠤ ᠬᠤᠯᠪᠣᠭᠳᠠᠯ ᠪᠦᠬᠦᠢ ᠪᠡᠯᠡᠳᠬᠡᠯ ᠠᠵᠢᠯ ᠢ ᠰᠠᠶᠢᠲᠤᠷ ᠬᠢᠵᠦ᠂ ᠮᠠᠯᠴᠢᠳ ᠤᠨ ᠡᠪᠡᠰᠦ ᠪᠣᠷᠳᠤᠭ᠎ᠠ ᠶᠢ ᠭᠦᠢᠴᠡᠳ ᠬᠠᠩᠭᠠᠬᠤ ᠶᠢ ᠪᠠᠲᠤᠯᠠᠵᠤ᠂ ᠬᠠᠪᠤᠷ ᠤᠨ ᠤᠯᠠᠷᠢᠯ ᠤᠨ ᠲᠥᠯ ᠲᠤᠰᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠤᠯᠠᠮ ᠨᠢᠭᠡ ᠠᠯᠬᠤᠮ ᠪᠠᠲᠤᠯᠠᠬᠤ ᠬᠡᠷᠡᠭᠲᠡᠢ᠃ ᠣᠳᠣᠬᠠᠨ ᠳᠤ ᠬᠤᠰᠢᠭᠤᠨ ᠤ ᠲᠠᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ 2᠂ ᠰᠤᠮᠤ ᠪᠠᠯᠭᠠᠰᠤᠨ ᠤ ᠲᠠᠰ ᠤᠨ 6᠂ ᠭᠠᠴᠠᠭᠠᠨ ᠤ ᠲᠠᠰ ᠤᠨ 7᠂ ᠬᠤᠰᠢᠭᠤᠨ ᠤ ᠲᠠᠰ ᠤᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠲᠤ ᠣᠲᠣ ᠪᠠᠷᠤᠭ 1 ᠲᠦᠮᠡᠨ ᠲᠣᠨ ᠡᠪᠡᠰᠦ᠂ 1 ᠲᠦᠮᠡᠨ ᠲᠣᠨ ᠬᠤᠯᠢᠮᠠᠭ ᠪᠤᠷᠳᠤᠭ᠎ᠠ᠂ 1 ᠲᠦᠮᠡᠨ ᠲᠣᠨ ᠳᠠᠷᠤᠰᠢᠭᠤᠯᠤᠭᠰᠠᠨ ᠡᠷᠳᠡᠨᠢ ᠰᠢᠰᠢ ᠶᠢ ᠨᠥᠭᠡᠴᠡᠯᠡᠵᠦ ᠪᠠᠶᠢᠨ᠎ᠠ᠃ ᠡᠯ᠎ᠡ ᠰᠤᠮᠤ ᠪᠠᠯᠭᠠᠰᠤ ᠨᠢ ᠡᠪᠡᠰᠦ ᠪᠣᠷᠳᠤᠭ᠎ᠠ ᠨᠥᠭᠡᠴᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠨᠢ ᠡᠪᠡᠰᠦ ᠪᠣᠷᠳᠤᠭ᠎ᠠ ᠪᠠᠨ ᠭᠦᠢᠴᠡᠳ ᠬᠠᠳᠠᠭᠠᠯᠠᠬᠤ ᠶᠢᠨ ᠬᠠᠮᠲᠤ᠂ ᠰᠠᠭᠤᠷᠢ ᠲᠤᠭ᠎ᠠ ᠶᠢ ᠤᠷᠢᠳᠴᠢᠯᠠᠨ ᠲᠣᠳᠣᠷᠬᠠᠢ ᠣᠶᠢᠯᠠᠭᠠᠵᠤ᠂  ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠡᠪᠡᠰᠦ ᠪᠣᠷᠳᠤᠭ᠎ᠠ ᠲᠦᠭᠡᠭᠡᠬᠦ ᠠᠵᠢᠯ ᠢ ᠰᠠᠶᠢᠲᠤᠷ ᠬᠢᠵᠦ᠂ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠬᠠᠳᠠᠭᠠᠯᠠᠬᠤ ᠬᠡᠮᠵᠢᠶ᠎ᠡ᠂ ᠡᠪᠡᠰᠦ ᠳᠤᠲᠠᠭᠳᠠᠬᠤ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠪᠦᠷᠢᠳᠬᠡᠵᠦ᠂ ᠬᠠᠭᠠᠰ ᠰᠠᠷ᠎ᠠ ᠪᠤᠯᠭᠠᠨ ᠳᠤ  ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠂ ᠬᠠᠷᠢᠯᠴᠠᠬᠤ ᠬᠥᠮᠥᠨ᠄  ᠰᠤᠯᠤᠩᠭᠤᠸ᠎ᠠ᠂ ᠤᠲᠠᠰᠤ᠄ 15047935530᠃     ᠬᠤᠶᠠᠷ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ     ᠨᠢᠭᠡ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠪᠠᠶᠢᠴᠠᠭᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ ᠵᠢᠯᠣᠭᠤᠳᠤᠨ ᠲᠠᠷᠢᠯᠭ᠎ᠠ ᠬᠢᠬᠦ᠂ ᠠᠷᠢᠭᠤᠳᠬᠠᠬᠤ᠂ ᠬᠢᠵᠢᠭ ᠪᠠᠶᠢᠴᠠᠭᠠᠬᠤ᠂ ᠬᠤᠣᠷ ᠦᠭᠡᠢ ᠪᠣᠯᠭᠠᠨ ᠰᠢᠢᠳᠪᠦᠷᠢᠯᠡᠬᠦ ᠵᠡᠷᠭᠡ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂  ᠮᠠᠯᠴᠢᠳ ᠤᠨ ᠬᠥᠮᠥᠨ ᠮᠠᠯ ᠳᠤ ᠪᠦᠷ ᠲᠤᠰᠳᠠᠭ ᠡᠪᠡᠳᠴᠢᠨ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠬᠤᠶᠠᠷ ᠲᠤ  ᠂ ᠰᠢᠯᠦᠬᠡᠢ ᠡᠪᠡᠳᠴᠢᠨ᠂ ᠮᠠᠯ ᠤᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠭᠠᠯᠵᠠᠭᠤ ᠡᠪᠡᠳᠴᠢᠨ ᠵᠡᠷᠭᠡ ᠭᠤᠣᠯᠳᠠᠯᠭ᠎ᠠ ᠲᠠᠢ ᠠᠮᠢᠲᠠᠨ ᠤ ᠬᠢᠵᠢᠭ ᠡᠪᠡᠳᠴᠢᠨ ᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠴᠢᠩᠭᠠᠳᠬᠠᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠥᠪᠯᠡᠷᠡᠭᠰᠡᠨ ᠣᠷᠣᠨ᠂ ᠨᠡᠭᠦᠳᠡᠯ ᠤᠨ ᠰᠢᠪᠠᠭᠤ ᠶᠢᠨ ᠡᠪᠦᠯᠵᠢᠨ ᠠᠮᠢᠳᠤᠷᠠᠬᠤ ᠭᠠᠵᠠᠷ ᠵᠡᠷᠭᠡ ᠭᠤᠣᠯᠳᠠᠯᠭ᠎ᠠ ᠲᠠᠢ ᠵᠠᠩᠭᠢᠯᠠᠭ᠎ᠠ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠰᠡᠵᠢᠭᠯᠡᠯᠲᠡᠢ ᠬᠢᠵᠢᠭ ᠤᠨ ᠪᠠᠶᠢᠳᠠᠯ ᠢ ᠣᠯᠵᠤ ᠮᠡᠳᠡᠪᠡᠯ ᠦᠳᠲᠡᠷ ᠲᠦᠷᠭᠡᠨ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠵᠢᠷᠤᠮᠵᠢᠭᠤᠯᠤᠨ ᠰᠢᠢᠳᠪᠦᠷᠢᠯᠡᠨ᠎ᠡ ᠃ ᠭᠤᠷᠪᠠ ᠳᠤ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠡᠯᠡᠳᠬᠡᠯ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠬᠢᠵᠢᠭ ᠰᠡᠷᠭᠡᠶᠢᠯᠡᠭᠴᠢ ᠶᠢᠨ ᠲᠠᠷᠢᠯᠭ᠎ᠠ ᠬᠢᠬᠦ ᠠᠴᠠ ᠡᠮᠦᠨᠡᠬᠢ ᠪᠣᠯᠪᠠᠰᠤᠷᠠᠭᠤᠯᠤᠯ᠂ ᠸᠠᠺᠼᠢᠨ ᠢ ᠵᠠᠬᠢᠶᠠᠯᠠᠬᠤ᠂ ᠬᠢᠵᠢᠭ ᠤᠨ ᠴᠡᠭ ᠢ ᠠᠷᠢᠭᠤᠳᠬᠠᠬᠤ ᠵᠡᠷᠭᠡ ᠠᠵᠢᠯ ᠢ ᠥᠷᠨᠢᠭᠦᠯᠵᠦ᠂ ᠬᠠᠪᠤᠷ ᠤᠨ ᠤᠯᠠᠷᠢᠯ ᠤᠨ ᠲᠥᠪᠯᠡᠷᠡᠭᠦᠯᠦᠨ ᠲᠠᠷᠢᠯᠭ᠎ᠠ ᠬᠢᠬᠦ ᠠᠵᠢᠯ ᠢ ᠡᠷᠲᠡᠬᠡᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠥᠬᠦᠵᠦ ᠲᠠᠷᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ᠂ ᠰᠢᠯᠵᠢᠭᠦᠯᠦᠨ ᠲᠡᠭᠡᠭᠡᠪᠦᠷᠢᠯᠡᠬᠦ ᠬᠢᠨᠠᠯᠲᠠ ᠬᠠᠮᠢᠶᠠᠷᠤᠯᠲᠠ᠂ ᠨᠠᠶᠢᠳᠠᠪᠤᠷᠢᠵᠢᠭᠤᠯᠤᠯᠲᠠ ᠶᠢᠨ ᠮᠡᠳᠡᠭᠦᠯᠦᠯᠲᠡ ᠵᠡᠷᠭᠡ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠶᠢᠨ ᠬᠠᠤᠯᠢ ᠶᠣᠰᠣᠭᠠᠷ ᠮᠡᠳᠡᠭᠦᠯᠦᠨ ᠪᠠᠶᠢᠴᠠᠭᠠᠯᠭᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ ᠠᠮᠢᠲᠠᠨ ᠤ ᠬᠢᠵᠢᠭ ᠡᠪᠡᠳᠴᠢᠨ ᠢ ᠣᠨᠣᠰᠢᠯᠠᠨ ᠡᠮᠨᠡᠬᠦ ᠠᠵᠢᠯ ᠢ ᠰᠠᠶᠢᠲᠤᠷ ᠬᠢᠨ᠎ᠡ᠃ ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠡᠪᠡᠳᠴᠢᠨ ᠣᠯᠠᠨ ᠡᠭᠦᠰᠳᠡᠭ ᠬᠤᠭᠤᠴᠠᠭ᠎ᠠ ᠮᠥᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠤᠰᠢᠭᠤ ᠠᠮᠢᠲᠠᠨ ᠤ ᠡᠮᠨᠡᠯᠭᠡ ᠶᠢᠨ ᠬᠤᠷᠢᠶ᠎ᠠ ᠶᠢ ᠵᠢᠯᠣᠭᠤᠳᠤᠨ ᠬᠢᠨᠠᠯᠲᠠ ᠲᠠᠯᠪᠢᠵᠤ᠂ ᠠᠮᠢᠲᠠᠨ ᠢ ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠮᠤ ᠪᠠᠯᠭᠠᠰᠤᠨ ᠤ ᠪᠠᠲᠤᠯᠠᠭ᠎ᠠ ᠶᠢᠨ ᠲᠥᠪ ᠠᠴᠠ ᠠᠮᠢᠲᠠᠨ ᠤ ᠡᠮᠨᠡᠯᠭᠡ ᠶᠢᠨ ᠬᠤᠷᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ ᠮᠠᠯᠴᠢᠳ ᠢ ᠬᠠᠪᠰᠤᠷᠤᠨ ᠠᠮᠢᠲᠠᠨ ᠢ ᠣᠨᠣᠰᠢᠯᠠᠨ ᠡᠮᠨᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠵᠢᠷᠭᠤᠭ᠎ᠠ ᠳᠤ᠂ ᠡᠪᠡᠳᠴᠢᠨ ᠢᠶᠠᠷ ᠦᠬᠦᠭᠰᠡᠨ ᠠᠮᠢᠲᠠᠨ ᠤ ᠦᠬᠦᠳᠡᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠬᠤᠣᠷ ᠦᠭᠡᠢ ᠪᠣᠯᠭᠠᠨ ᠰᠢᠢᠳᠪᠦᠷᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠬᠤᠣᠷ ᠦᠭᠡᠢ ᠪᠣᠯᠭᠠᠨ ᠰᠢᠢᠳᠪᠦᠷᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠶᠢ ᠰᠢᠮᠳᠠᠭᠤᠯᠵᠤ᠂ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠶᠢ ᠦᠨᠡᠨᠬᠦ ᠴᠢᠩᠭᠠᠳᠬᠠᠵᠤ᠂ ᠡᠪᠡᠳᠴᠢᠨ ᠢᠶᠠᠷ ᠦᠬᠦᠭᠰᠡᠨ ᠠᠮᠢᠲᠠᠨ ᠤ  ᠦᠬᠦᠳᠡᠯ ᠢ ᠢᠯᠡᠷᠡᠭᠦᠯᠪᠡᠯ ᠵᠢᠷᠤᠮᠵᠢᠯ ᠶᠣᠰᠣᠭᠠᠷ ᠬᠤᠣᠷ ᠦᠭᠡᠢ ᠪᠣᠯᠭᠠᠨ ᠰᠢᠢᠳᠪᠦᠷᠢᠯᠡᠨ᠎ᠡ᠃ ᠬᠠᠷᠢᠯᠴᠠᠬᠤ ᠬᠥᠮᠥᠨ᠄ ᠠᠯᠲᠠᠨᠴᠡᠴᠡᠭ᠂ ᠤᠲᠠᠰᠤ 13947956459᠂ ᠰᠢᠤᠳᠠᠨ ᠬᠠᠶᠢᠷᠴᠠᠭ xwqykzx@163.com     ᠭᠤᠷᠪᠠ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ     ᠨᠢᠭᠡ ᠳᠤ᠂ ᠥᠭᠡᠷᠡᠴᠢᠯᠡᠨ ᠳᠡᠭᠡᠭᠰᠢᠯᠡᠭᠦᠯᠬᠦ᠂ ᠥᠭᠡᠷᠡᠴᠢᠯᠡᠨ ᠪᠠᠶᠢᠭᠤᠯᠵᠤ ᠪᠠᠷᠢᠮᠵᠢᠶ᠎ᠠ ᠳᠤ ᠬᠦᠷᠭᠡᠬᠦ᠂ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠬᠠᠷᠠᠯᠲᠠ ᠶᠢ ᠠᠬᠢᠭᠤᠯᠵᠤ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠭᠡᠷ ᠳᠣᠲᠣᠷᠠᠬᠢ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠳᠤ ᠠᠷᠢᠭᠤᠨ ᠴᠡᠪᠡᠷ ᠤᠨ ᠵᠣᠷᠯᠣᠩ ᠵᠢᠴᠢ ᠪᠣᠬᠢᠷᠲᠤᠯ ᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠭᠡᠷ ᠳᠣᠲᠣᠷᠠᠬᠢ ᠠᠷᠢᠭᠤᠨ ᠴᠡᠪᠡᠷ ᠤᠨ ᠵᠣᠷᠯᠣᠩ ᠪᠠ ᠭᠡᠷ ᠤᠨ ᠭᠠᠳᠠᠨᠠᠬᠢ ᠬᠠᠭᠤᠷᠠᠢ ᠵᠣᠷᠯᠣᠩ ᠢ ᠭᠤᠣᠯᠴᠢᠯᠠᠨ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠪᠠ ᠮᠠᠯᠵᠢᠬᠤ ᠡᠷᠦᠬᠡ ᠥᠪᠡᠰᠦᠪᠡᠨ ᠪᠡᠯᠡᠳᠬᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ 327 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠡᠭᠦᠷᠭᠡ ᠪᠠ 12 ᠡᠷᠦᠬᠡ ᠶᠢᠨ ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠨ᠎ᠡ᠃ ᠬᠠᠪᠤᠷ ᠤᠨ ᠠᠭᠤᠷ ᠣᠷᠣᠭᠰᠠᠨ ᠤ ᠳᠠᠷᠠᠭ᠎ᠠ᠂ ᠪᠠᠷᠢᠯᠭ᠎ᠠ ᠶᠢᠨ ᠨᠢᠭᠡᠴᠡ ᠶᠢ ᠳᠠᠷᠤᠶᠢᠬᠠᠨ ᠵᠣᠬᠢᠶᠠᠨ ᠪᠠᠶᠢᠭᠤᠯᠵᠤ 2023 ᠣᠨ ᠤ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠪᠠ ᠰᠢᠨ᠎ᠡ ᠪᠠᠷ ᠪᠠᠶᠢᠭᠤᠯᠬᠤ ᠡᠭᠦᠷᠭᠡ ᠶᠢᠨ ᠰᠡᠭᠦᠯ ᠬᠤᠷᠢᠶᠠᠬᠤ ᠢᠨᠵᠧᠨᠧᠷᠢᠩ ᠢ ᠪᠡᠶᠡᠯᠡᠭᠦᠯᠦᠨ᠎ᠡ᠃ ᠬᠤᠶᠠᠷ ᠲᠤ᠂ ᠡᠷᠦᠬᠡ ᠶᠢᠨ ᠵᠣᠷᠯᠣᠩ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠭᠤᠷᠪᠠ ᠳᠤ᠂ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠬᠢᠭᠡᠳ ᠪᠣᠬᠢᠷ ᠤᠰᠤ ᠶᠢ ᠵᠠᠰᠠᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠠᠵᠢᠯᠯᠠᠭᠠᠨ ᠤ ᠵᠠᠷᠤᠳᠠᠯ ᠢᠶᠠᠷ ᠪᠠᠭ᠎ᠠ᠂ ᠬᠠᠮᠢᠶᠠᠷᠴᠤ ᠬᠠᠮᠠᠭᠠᠯᠠᠬᠤ ᠳᠤ ᠲᠥᠬᠦᠮ ᠪᠠᠶᠢᠯᠭᠠᠬᠤ ᠵᠠᠰᠠᠯᠲᠠ ᠶᠢᠨ ᠮᠡᠷᠭᠡᠵᠢᠯ ᠢ ᠰᠦᠪᠡᠭᠴᠢᠯᠡᠨ ᠠᠬᠢᠭᠤᠯᠵᠤ᠂ ᠮᠠᠯᠵᠢᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠪᠣᠶ ᠪᠣᠯᠭᠠᠨ᠎ᠠ᠃ ᠵᠢᠯ ᠤᠨ ᠳᠣᠲᠣᠷ᠎ᠠ᠂ 10 ᠡᠷᠦᠬᠡ ᠶᠢ ᠰᠣᠩᠭᠤᠨ ᠲᠤᠷᠰᠢᠯᠲᠠ ᠶᠢᠨ  ᠴᠡᠭ ᠪᠣᠯᠭᠠᠵᠤ᠂ ︽ᠭᠡᠷ ᠳᠣᠲᠣᠷᠠᠬᠢ ᠤᠰᠤ ᠪᠠᠷ ᠤᠬᠢᠶᠠᠬᠤ ᠮᠠᠶ᠋ᠢᠭ ᠤᠨ ᠠᠷᠢᠭᠤᠨ ᠴᠡᠪᠡᠷ ᠡᠷᠦᠬᠡ ᠶᠢᠨ ᠵᠣᠷᠯᠣᠩ + ᠪᠣᠬᠢᠷ ᠤᠰᠤ ᠶᠢ ᠰᠢᠢᠳᠪᠦᠷᠢᠯᠡᠬᠦ︾ ᠵᠠᠭᠪᠤᠷ ᠢ ᠪᠦᠲᠦᠭᠡᠨ ᠪᠠᠶᠢᠭᠤᠯᠵᠤ᠂ ᠮᠠᠯᠵᠢᠬᠤ ᠣᠷᠣᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠢ ᠬᠠᠮᠠᠭᠠᠯᠠᠬᠤ ᠬᠥᠳᠡᠯᠭᠡᠬᠦ ᠬᠦᠴᠦᠨ ᠦᠭᠡᠢ ᠪᠣᠯᠭᠠᠵᠤ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠪᠠ ᠮᠠᠯᠵᠢᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠯᠴᠠᠨ ᠵᠣᠬᠢᠴᠠᠯᠳᠤᠬᠤ ᠶᠢ ᠪᠡᠶᠡᠯᠡᠭᠦᠯᠦᠨ᠎ᠡ᠃ ᠳᠥᠷᠪᠡ ᠳᠤ᠂ ᠮᠠᠯᠵᠢᠬᠤ ᠣᠷᠣᠨ ᠤ ᠬᠤᠭ ᠨᠣᠪᠰᠢ ᠶᠢ ᠵᠠᠰᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠳᠤ ᠬᠡᠷᠡᠭᠰᠡᠬᠦ ᠢᠵᠢ ᠪᠦᠷᠢᠳᠦᠭᠦᠯᠬᠦ ᠲᠥᠬᠦᠭᠡᠷᠦᠮᠵᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠤᠨ᠎ᠠ᠃ ᠲᠠᠪᠤ ᠳᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ︽ᠭᠤᠷᠪᠠ ᠶᠢ ᠴᠡᠪᠡᠷᠯᠡᠵᠦ ᠨᠢᠭᠡ ᠶᠢ ᠰᠠᠶᠢᠵᠢᠷᠠᠭᠤᠯᠬᠤ︾ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠡᠭᠦᠳᠦᠨ ᠪᠠᠶᠢᠭᠤᠯᠬᠤ ᠠᠵᠢᠯᠯᠠᠭ᠎ᠠ ᠪᠠ ᠭᠠᠴᠠᠭ᠎ᠠ ᠶᠢᠨ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠤᠨ ᠰᠠᠷ᠎ᠠ ᠪᠦᠷᠢ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠮᠠᠯᠴᠢᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ᠬᠠᠷᠢᠯᠴᠠᠬᠤ ᠬᠥᠮᠥᠨ᠄  ᠤᠶᠤᠨᠰᠤᠶᠤᠯ᠂ ᠤᠲᠠᠰᠤ᠄ 15247891591᠃    ᠳᠥᠷᠪᠡ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠰᠠᠶᠢᠳᠤᠷ ᠬᠢᠨ᠎ᠡ      ᠬᠤᠰᠢᠭᠤ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠪᠠ ᠪᠡᠯᠴᠢᠭᠡᠷ ᠰᠡᠷᠭᠦᠭᠡᠬᠦ ᠬᠤᠭᠤᠴᠠᠭᠠᠨ ᠤ ᠠᠵᠢᠯ ᠲᠠᠢ ᠤᠶᠠᠯᠳᠤᠭᠤᠯᠤᠨ᠂ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢ ᠴᠢᠩᠭᠠᠳᠬᠠᠵᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠰᠠᠭᠤᠷᠢᠨ ᠭᠠᠵᠠᠷ ᠤᠨ ᠡᠪᠡᠰᠦ ᠪᠣᠷᠳᠤᠭ᠎ᠠ ᠶᠢ ᠡᠬᠢᠯᠡᠨ ᠬᠡᠷᠡᠭᠯᠡᠵᠦ᠂ ᠬᠠᠷᠠᠭᠠᠯᠵᠠᠯ ᠤᠨ ᠦᠨ᠎ᠡ ᠪᠠᠷ ᠲᠣᠰ ᠬᠤᠰᠢᠭᠤᠨ ᠤ ᠡᠪᠡᠰᠦ ᠪᠣᠷᠳᠤᠭ᠎ᠠ ᠶᠢᠨ ᠪᠠᠴᠢᠮ ᠬᠡᠷᠡᠭᠰᠡᠬᠦ ᠮᠠᠯᠵᠢᠬᠤ ᠡᠷᠦᠬᠡ ᠳᠤ ᠲᠦᠭᠡᠭᠡᠨ ᠥᠭᠴᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠨ᠎ᠠ᠃ ᠵᠣᠬᠢᠶᠠᠨ ᠪᠠᠶᠢᠭᠤᠯᠤᠨ ᠤᠬᠠᠭᠤᠯᠬᠤ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠭᠠᠴᠠᠭ᠎ᠠ ᠪᠠᠷ ᠨᠢᠭᠡᠴᠢ ᠪᠣᠯᠭᠠᠨ ᠬᠡᠷᠡᠭᠴᠡᠭᠡ ᠱᠠᠭᠠᠷᠳᠠᠯᠭ᠎ᠠ ᠲᠠᠢ ᠮᠠᠯᠵᠢᠬᠤ ᠡᠷᠦᠬᠡ ᠶᠢ ᠪᠦᠷᠢᠳᠬᠡᠬᠦ ᠠᠵᠢᠯ ᠢ ᠥᠷᠨᠢᠭᠦᠯᠵᠦ᠂ ᠮᠠᠯᠵᠢᠬᠤ ᠡᠷᠦᠬᠡ ᠶᠢᠨ ᠪᠣᠳᠠᠲᠠᠢ ᠠᠴᠠ ᠡᠭᠦᠰᠦᠨ ᠪᠣᠭᠤᠮᠲᠠ ᠶᠢ ᠴᠢᠩᠭ᠎ᠠ ᠠᠳᠬᠤᠵᠤ᠂ ᠮᠠᠯᠵᠢᠬᠤ ᠪᠤᠰᠤ ᠡᠷᠦᠬᠡ ᠶᠢᠨ ᠲᠥᠷᠥ ᠶᠢᠨ ᠪᠣᠳᠣᠯᠭ᠎ᠠ ᠶᠢ ᠡᠳ᠋ᠯᠡᠬᠦ ᠠᠴᠠ ᠵᠠᠶᠢᠯᠠᠰᠬᠢᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠡᠪᠡᠰᠦ ᠳᠤᠲᠠᠭᠳᠠᠵᠤ ᠪᠠᠶᠢᠭ᠎ᠠ ᠮᠠᠯᠵᠢᠬᠤ ᠡᠷᠦᠬᠡ ︵ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠲᠣᠰ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠡᠪᠡᠰᠦ ᠳᠤᠲᠠᠭᠳᠠᠵᠤ ᠪᠠᠶᠢᠭ᠎ᠠ ᠮᠠᠯᠵᠢᠬᠤ ᠡᠷᠦᠬᠡ︶ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠭᠠᠴᠠᠭ᠎ᠠ ᠶᠢᠨ ︽ᠡᠭᠦᠷ ᠵᠥᠪᠯᠡᠯ︾᠂ ᠮᠠᠯᠵᠢᠬᠤ ᠡᠷᠦᠬᠡ ᠶᠢ ᠵᠣᠬᠢᠶᠠᠨ ᠪᠠᠶᠢᠭᠤᠯᠤᠨ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠷᠦᠬᠡ ᠪᠠᠷ ᠨᠢᠭᠡᠴᠢ ᠪᠣᠯᠭᠠᠨ ᠨᠡᠭᠦᠳᠡᠯ ᠲᠠᠯᠠᠪᠠᠶ ᠶᠢ ᠬᠤᠪᠢᠶᠠᠷᠢᠯᠠᠨ ᠲᠣᠭᠲᠠᠭᠠᠵᠤ᠂ ᠰᠠᠨᠠᠭᠤᠯᠤᠮᠵᠢ ᠶᠢᠨ ᠫᠠᠶᠢᠰᠠ ᠡᠯᠭᠦᠵᠦ᠂ ᠮᠠᠯ ᠤᠨ ᠬᠠᠰᠢᠶ᠎ᠠ ᠶᠢ ᠴᠡᠪᠡᠷᠯᠡᠨ ᠠᠷᠢᠭᠤᠳᠬᠠᠬᠤ᠂ ᠡᠪᠡᠰᠦ ᠪᠣᠷᠳᠤᠭ᠎ᠠ ᠶᠢ ᠨᠥᠭᠡᠴᠡᠯᠡᠬᠦ ᠶᠢ ᠰᠠᠶᠢᠲᠤᠷ ᠬᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠤᠲᠠᠰᠤ᠄ ᠬᠤᠰᠢᠭᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠦᠪᠴᠢᠨ 15104798936᠂  ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ  ᠰᠤᠯᠤᠩᠭᠤᠸ᠎ᠠ 15047935530᠃    ᠲᠠᠪᠤ᠂ ᠰᠢᠨ᠎ᠡ‌ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠪᠣᠶᠢᠵᠢᠭᠤᠯᠤᠨ᠎ᠠ    ᠨᠢᠭᠡ ᠳᠤ᠂ ᠭᠡᠷ ᠪᠦᠯᠢ ᠶᠢᠨ ᠮᠠᠯᠵᠢᠯ ᠤᠨ ᠲᠠᠯᠠᠪᠠᠶ ᠳᠤ ᠮᠡᠳᠡᠭᠦᠯᠬᠦ ᠠᠵᠢᠯ ᠢ ᠴᠢᠩᠭ᠎ᠠ ᠵᠣᠬᠢᠶᠠᠨ ᠪᠠᠶᠢᠭᠤᠯᠤᠨ᠎ᠠ᠃ ᠰᠤᠮᠤ ᠪᠠᠯᠭᠠᠰᠤ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢ ᠭᠤᠶᠤᠴᠢᠯᠠᠨ ᠮᠡᠳᠡᠭᠦᠯᠬᠦ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠪᠣᠭᠤᠮᠲᠠ ᠶᠢ ᠴᠢᠩᠭ᠎ᠠ ᠠᠳᠬᠤᠵᠤ᠂ ᠲᠣᠨᠣᠭᠯᠠᠯ ᠢ ᠵᠢᠷᠤᠮᠵᠢᠭᠤᠯᠤᠨ᠂ ᠰᠢᠨ᠎ᠡ ᠪᠠᠷ ᠦᠨᠡᠯᠡᠨ ᠲᠣᠭᠲᠠᠭᠠᠭᠰᠠᠨ ᠪᠠ ᠵᠢᠱᠢᠶ᠎ᠡ ᠦᠵᠡᠭᠦᠯᠦᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ 4 ᠰᠠᠷ᠎ᠠ ᠶᠢᠨ 1 ᠤ ᠡᠳᠦᠷ ᠠᠴᠠ ᠡᠮᠦᠨ᠎ᠡ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠮᠡᠳᠡᠭᠦᠯᠦᠨ ᠬᠦᠷᠭᠡᠬᠦ ᠬᠡᠷᠡᠭᠲᠡᠢ᠃ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠨᠡᠶᠢᠲᠡᠯᠢᠭ ᠲᠤᠷᠰᠢᠯᠭ᠎ᠠ ᠶᠢᠨ ᠠᠷᠭ᠎ᠠ ᠬᠢᠳᠡᠯ ᠢ ᠢᠳᠡᠪᠬᠢᠲᠡᠢ ᠳᠡᠯᠭᠡᠷᠡᠭᠦᠯᠵᠦ᠂ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠤᠮᠤ ᠪᠠᠯᠭᠠᠰᠤ ᠨᠢᠭᠡᠪᠦᠷᠢ ᠵᠢᠯ ᠤᠨ ᠳᠣᠲᠣᠷ᠎ᠠ ᠨᠠᠭᠠᠲᠤ ᠵᠠᠬ᠎ᠠ ᠳᠠᠭᠠᠨ 2-3 ᠭᠡᠷ ᠪᠦᠯᠢ ᠶᠢᠨ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ ᠶᠢ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠬᠡᠷᠡᠭᠲᠡᠢ᠃ ᠨᠢᠭᠡᠨᠲᠡ ᠦᠨᠡᠯᠡᠨ ᠲᠣᠭᠲᠠᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠢᠷᠢ ᠬᠡᠮ ᠢ ᠳᠠᠬᠢᠨ ᠬᠢᠨᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠨᠡ ᠵᠢᠯ 2020 ᠣᠨ ᠳᠤ ᠮᠠᠭᠠᠳᠯᠠᠨ ᠲᠣᠭᠲᠠᠭᠠᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠷᠦᠬᠡ ᠳᠤ ᠬᠥᠳᠡᠯᠦᠩᠭᠦᠢ ᠬᠠᠮᠢᠶᠠᠷᠤᠯᠲᠠ ᠶᠢ ᠭᠤᠣᠯᠳᠠᠯᠭ᠎ᠠ ᠲᠠᠢ ᠶᠠᠪᠤᠭᠳᠠᠭᠤᠯᠵᠤ᠂ ᠰᠢᠯᠢᠳᠡᠭ  ᠨᠢ  ᠰᠤᠩᠭᠤᠵᠦ ᠰᠢᠭᠠᠷᠤ ᠨᠢ ᠰᠢᠭᠰᠢᠬᠦ ᠲᠣᠭᠲᠠᠴᠠ ᠶᠢ ᠬᠡᠷᠡᠭᠵᠢᠭᠦᠯᠦᠨ᠎ᠡ᠃ ᠬᠤᠶᠠᠷ ᠲᠤ᠂ ᠮᠠᠯᠴᠢᠳ ᠤᠨ ᠲᠤᠰᠬᠠᠢ ᠠᠵᠢᠯ ᠤᠨ ᠬᠤᠷᠰᠢᠶᠠᠵᠢᠯ ᠤᠨ ᠵᠢᠱᠢᠶ᠎ᠡ ᠦᠵᠡᠭᠦᠯᠬᠦ ᠬᠤᠷᠰᠢᠶᠠᠵᠢᠯ ᠪᠠ ︽ᠬᠤᠭᠤᠰᠤᠨ ᠬᠤᠷᠰᠢᠶᠠᠵᠢᠯ︾ ᠢ ᠢᠯᠭᠠᠷᠠᠭᠤᠯᠬᠤ ᠠᠵᠢᠯ ᠢ ᠢᠳᠡᠪᠬᠢᠲᠡᠢ ᠪᠠᠷ ᠪᠣᠶᠢᠵᠢᠭᠤᠯᠤᠨ᠎ᠠ᠃ ᠮᠠᠯᠴᠢᠳ ᠤᠨ ᠬᠤᠷᠰᠢᠶᠠᠵᠢᠯ ᠢ ᠪᠣᠶᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠬᠠᠢ ᠶᠢᠨ ᠭᠠᠵᠠᠷ ᠲᠤ ᠨᠥᠯᠥᠭᠡ ᠪᠠᠷ ᠶᠡᠭᠡ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠴᠢᠩᠭ᠎ᠠ ᠨᠢᠭᠡ ᠪᠦᠯᠦᠭ ᠬᠤᠷᠰᠢᠶᠠᠵᠢᠯ ᠢ ᠰᠣᠩᠭᠤᠨ᠂ ᠵᠢᠱᠢᠶ᠎ᠡ ᠦᠵᠡᠭᠦᠯᠬᠦ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠭᠤᠷᠪᠠ ᠳᠤ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠡᠯ᠎ᠡ ᠰᠤᠮᠤ ᠪᠠᠯᠭᠠᠰᠤ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠪᠬᠢᠲᠡᠢ ᠬᠠᠮᠵᠢᠯᠴᠠᠨ ᠥᠨᠳᠥᠷ ᠬᠡᠪ ᠪᠣᠯᠪᠠᠰᠤᠷᠠᠯ ᠲᠠᠢ ᠮᠠᠯᠴᠢᠳ ᠢ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠨᠢᠭᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠨᠢᠭᠡ ᠬᠤᠯᠪᠣᠭᠠᠴᠢᠨ ᠲᠣᠬᠢᠷᠠᠭᠤᠯᠤᠨ᠂ ᠰᠣᠷᠣᠭᠴᠢ ᠡᠯᠰᠡᠬᠦ᠂ ᠮᠡᠳᠡᠭᠡ ᠵᠠᠩᠭᠢ ᠨᠡᠪᠲᠡᠷᠡᠯᠴᠡᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠭᠤᠯᠵᠤ᠂ ᠪᠥᠬᠦ ᠬᠤᠰᠢᠭᠤᠨ ᠤ ᠪᠣᠶᠢᠵᠢᠭᠤᠯᠬᠤ ᠡᠭᠦᠷᠭᠡ ᠶᠢ ᠴᠠᠭ ᠲᠤᠬᠠᠢ ᠳᠤᠨᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ ᠬᠠᠷᠢᠶᠠᠨ ᠳᠠᠬᠢ ᠭᠠᠴᠠᠭ᠎ᠠ ᠨᠢᠭᠡᠪᠦᠷᠢ ᠠᠴᠠ 3 ︱ 5 ᠰᠣᠷᠣᠭᠴᠢ ᠶᠢ ᠮᠡᠳᠡᠭᠦᠯᠵᠦ᠂ 3 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠰᠣᠷᠣᠭᠴᠢ ᠶᠢᠨ ᠨᠡᠷᠡᠰ ᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠮᠡᠳᠡᠭᠦᠯᠦᠨ ᠬᠦᠷᠭᠡᠬᠦ ᠬᠡᠷᠡᠭᠲᠡᠢ᠃ ᠬᠠᠷᠢᠯᠴᠠᠬᠤ ᠬᠥᠮᠥᠨ᠄  ᠰᠡᠷᠭᠦᠯᠡᠩ᠂ ᠤᠲᠠᠰᠤ᠄ 15374869233᠂ ᠰᠢᠤᠳᠠᠨ ᠬᠠᠶᠢᠷᠴᠠᠭ᠄ xwqnmjstgzx@163.com᠃ ᠳᠥᠷᠪᠡ ᠳᠤ᠂ ᠣᠶᠤᠨᠲᠤ ᠮᠠᠯ ᠠᠵᠤ ᠠᠬᠤᠢ ᠶᠢᠨ ᠠᠵᠢᠯ ᠢ ᠡᠮᠬᠢ ᠳᠢᠭᠯᠢᠮ ᠲᠠᠢ ᠠᠬᠢᠭᠤᠯᠤᠨ᠎ᠠ᠃ ᠣᠶᠤᠨᠲᠤ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠬᠡᠷᠡᠭᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠠᠬᠢᠵᠢᠭᠦᠯᠵᠦ᠂ ᠲᠤᠰᠬᠠᠢ ᠬᠥᠮᠥᠨ ᠲᠣᠬᠢᠷᠠᠭᠤᠯᠤᠨ ᠣᠶᠤᠨᠴᠢ ᠮᠠᠯ ᠠᠵᠤ ᠠᠬᠤᠢ ᠶᠢᠨ ᠬᠠᠮᠢᠶᠠᠷᠤᠯᠲᠠ ᠶᠢᠨ ᠲᠠᠪᠴᠠᠩ ᠢ ᠬᠠᠷᠢᠭᠤᠴᠠᠭᠤᠯᠬᠤ ᠶᠢᠨ ᠬᠠᠮᠲᠤ᠂ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠤᠨ ᠲᠣᠭᠠᠴᠢᠯᠠᠭᠰᠠᠨ ᠲᠠᠪᠴᠠᠩ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠤᠭ᠎ᠠ ᠪᠠᠷᠢᠮᠲᠠ ᠣᠷᠣᠭᠤᠯᠬᠤ ᠪᠠ ᠬᠠᠮᠢᠶᠠᠷᠬᠤ ᠠᠵᠢᠯ ᠢ ᠪᠠᠶᠢᠭᠤᠯᠤᠨ ᠪᠦᠷᠢᠨᠰᠢᠭᠦᠯᠵᠦ᠂ ᠮᠠᠯᠵᠢᠬᠤ ᠡᠷᠦᠬᠡ ᠶᠢᠨ ᠮᠡᠳᠡᠭᠡ ᠵᠠᠩᠭᠢ ᠣᠷᠣᠭᠤᠯᠬᠤ ᠶᠢ ᠵᠢᠷᠤᠮᠵᠢᠭᠤᠯᠤᠨ ᠬᠠᠮᠢᠶᠠᠷᠬᠤ᠂ ᠲᠤᠭ᠎ᠠ ᠪᠠᠷᠢᠮᠲᠠ ᠶᠢᠨ ᠰᠠᠭᠤᠷᠢ ᠵᠠᠳᠠᠯᠤᠯᠲᠠ ᠶᠢᠨ ᠮᠡᠳᠡᠭᠡ ᠵᠠᠩᠭᠢᠵᠢᠭᠤᠯᠤᠨ ᠬᠡᠷᠡᠭᠯᠡᠬᠦ ᠶᠢ ᠠᠯᠬᠤᠮ ᠠᠯᠬᠤᠮ ᠢᠶᠠᠷ ᠪᠣᠶ ᠪᠣᠯᠭᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠡᠷᠡᠭᠯᠡᠭᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ᠃ ᠬᠠᠷᠢᠯᠴᠠᠬᠤ ᠬᠥᠮᠥᠨ᠄ ᠲᠠᠨ᠎ᠠ᠂ ᠤᠲᠠᠰᠤ᠄ 13947921300᠂ ᠰᠢᠤᠳᠠᠨ ᠬᠠᠶᠢᠷᠴᠠᠭ᠄ 383163890@qq᠃ com᠃      ᠵᠢᠷᠭᠤᠭ᠎ᠠ᠂ ᠭᠡᠷ ᠤᠨ ᠲᠡᠵᠢᠭᠡᠪᠦᠷᠢ ᠶᠢ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ      ᠨᠢᠭᠡ ᠳᠤ᠂ ᠰᠤᠮᠤ ᠪᠠᠯᠭᠠᠰᠤ ᠨᠢ 2023 ᠣᠨ ᠳᠤ ᠠᠶᠢᠮᠠᠭ ᠤᠨ ᠳᠣᠲᠣᠭᠠᠳᠤ ᠳᠤ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠡᠭᠦᠯᠳᠡᠷ ᠣᠷᠣᠭᠤᠯᠬᠤ᠂ ᠲᠤᠭ᠎ᠠ ᠲᠣᠯᠣᠭᠠᠢ ᠣᠷᠣᠭᠤᠯᠬᠤ ᠵᠡᠷᠭᠡ ᠬᠠᠮᠢᠶ᠎ᠠ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠶᠢᠨ ᠬᠠᠮᠲᠤ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠨᠥᠬᠦᠪᠦᠷᠢ ᠶᠢᠨ ᠪᠡᠯᠡ ᠮᠥᠩᠭᠦ ᠭᠤᠶᠤᠴᠢᠯᠠᠬᠤ ᠠᠵᠢᠯ ᠢ ᠰᠠᠶᠢᠲᠤᠷ ᠬᠢᠵᠦ᠂ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠨᠥᠬᠦᠪᠦᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠮᠢᠬᠠᠨ ᠤ ᠦᠬᠡᠷ ᠤᠨ ᠬᠡᠭᠡᠯᠳᠦᠬᠦᠯᠭᠡ ᠶᠢᠨ ᠠᠵᠢᠯ ᠤᠨ ᠡᠳᠦᠷ ᠲᠤᠲᠤᠮ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠮᠢᠬᠠᠨ ᠤ ᠦᠬᠡᠷ ᠲᠤ ᠬᠡᠭᠡᠯᠳᠦᠬᠦᠯᠭᠡ ᠬᠢᠬᠦ ᠡᠭᠦᠷᠭᠡ ᠶᠢ ᠤᠷᠢᠳᠴᠢᠯᠠᠨ ᠲᠥᠯᠥᠪᠯᠡᠵᠦ᠂ ᠬᠡᠭᠡᠯᠳᠦᠬᠦᠯᠭᠡ ᠬᠢᠬᠦ ᠥᠷᠲᠡᠭᠡ ᠴᠡᠭ ᠤᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠢ ᠬᠥᠮᠥᠨ ᠲᠣᠬᠢᠷᠠᠭᠤᠯᠤᠨ ᠳᠡᠭᠡᠭᠰᠢ ᠮᠡᠳᠡᠭᠦᠯᠬᠦ ᠠᠬᠢᠴᠠ ᠶᠢ ᠬᠠᠷᠢᠭᠤᠴᠠᠭᠤᠯᠵᠤ᠂ ᠰᠠᠷ᠎ᠠ ᠪᠦᠷᠢ ᠶᠢᠨ 13 ᠤ ᠡᠳᠦᠷ᠂ 26 ᠤ ᠡᠳᠦᠷ᠂ ᠮᠢᠬᠠᠨ ᠤ ᠦᠬᠡᠷ ᠲᠤ ᠬᠡᠭᠡᠯᠳᠦᠬᠦᠯᠭᠡ ᠬᠢᠭᠰᠡᠨ ᠪᠦᠷᠢᠳᠬᠡᠯ ᠤᠨ ᠪᠠᠶᠢᠳᠠᠯ ᠢ  ᠬᠤᠰᠢᠭᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠳᠤ ᠮᠡᠳᠡᠭᠦᠯᠦᠨ᠎ᠡ᠃ ᠭᠤᠷᠪᠠ ᠳᠤ᠂ ︽ᠰᠢᠯᠢ ᠶᠢᠨ ᠭᠤᠣᠯ ᠠᠶᠢᠮᠠᠭ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠲᠠᠰ ᠤᠨ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ ᠤᠨ ᠮᠡᠳᠡᠭᠦᠯᠦᠯᠲᠡ ᠶᠢ ᠤᠷᠢᠳᠴᠢᠯᠠᠨ ᠰᠠᠶᠢᠲᠤᠷ ᠬᠢᠵᠦ᠂ ᠪᠠᠷᠢᠮᠵᠢᠶ᠎ᠠ ᠳᠤ ᠨᠡᠶᠢᠴᠡᠭᠰᠡᠨ ᠭᠤᠤᠯᠳᠠᠯᠭᠠᠳᠤ ᠰᠦᠷᠦᠭ ᠢ ᠥᠪᠡᠷ ᠢᠶᠠᠨ ᠰᠢᠯᠭᠠᠨ ᠪᠠᠶᠢᠴᠠᠭᠠᠭᠰᠠᠨ ᠤ ᠳᠠᠷᠠᠭ᠎ᠠ᠂ ᠭᠤᠤᠯᠳᠠᠯᠭᠠᠳᠤ ᠰᠦᠷᠦᠭ ᠤᠨ ᠨᠡᠷᠡᠰ ᠢ ᠬᠤᠰᠢᠭᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠳᠤ ᠮᠡᠳᠡᠭᠦᠯᠦᠨ᠎ᠡ᠃ ᠳᠥᠷᠪᠡ ᠳᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ 4 ᠰᠠᠷ᠎ᠠ ᠶᠢᠨ 30 ᠤ ᠡᠳᠦᠷ ᠠᠴᠠ ᠡᠮᠦᠨ᠎ᠡ ᠦᠷᠡᠵᠢᠯ ᠤᠨ ᠦᠨᠢᠶ᠎ᠡ ᠪᠠ ᠡᠭᠦᠯᠳᠡᠷ ᠤᠨ ᠪᠤᠬ᠎ᠠ ᠶᠢ ᠨᠡᠶᠢᠳᠡᠮ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠶᠢᠨ ᠬᠠᠮᠲᠤ ᠪᠦᠷᠢᠳᠬᠡᠨ ᠬᠤᠷᠢᠶᠠᠩᠭᠤᠶᠢᠯᠠᠵᠤ᠂ ᠭᠠᠷ ᠤᠨ ᠥᠰᠥᠭ ᠵᠢᠷᠤᠵᠤ ᠲᠠᠮᠠᠭ᠎ᠠ ᠳᠠᠷᠤᠵᠤ᠂ ᠬᠤᠰᠢᠭᠤᠨ ᠮᠠᠯ ᠠᠵᠤ ᠠᠬᠤᠢ ᠶᠢᠨ ᠠᠵᠢᠯ ᠤᠨ ᠥᠷᠲᠡᠭᠡ ᠳᠤ ᠮᠡᠳᠡᠭᠦᠯᠦᠨ ᠬᠦᠷᠭᠡᠨ᠎ᠡ᠃ ᠲᠠᠪᠤ ᠳᠤ᠂ ᠦᠵᠦᠮᠦᠴᠢᠨ ᠬᠤᠨᠢᠨ ᠤ ᠭᠤᠤᠯᠳᠠᠯᠭᠠᠳᠤ ᠰᠦᠷᠦᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠭᠤᠤᠯᠳᠠᠯᠭᠠᠳᠤ ᠰᠦᠷᠦᠭ ᠤᠨ ᠰᠠᠭᠤᠷᠢ ᠡᠮ᠎ᠡ ᠬᠤᠨᠢᠨ ᠳᠤ ᠪᠦᠬᠦᠯᠢ ᠰᠦᠷᠦᠭ ᠤᠨ ᠬᠢᠨᠠᠨ ᠲᠣᠭᠲᠠᠭᠠᠯᠲᠠ ᠬᠢᠵᠦ᠂ ᠲᠠᠩᠰᠠ ᠡᠪᠬᠡᠮᠡᠯ ᠪᠠᠶᠢᠭᠤᠯᠤᠨ᠂ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠶᠢᠨ ᠬᠠᠮᠲᠤ ᠭᠤᠤᠯᠳᠠᠯᠭᠠᠳᠤ ᠰᠦᠷᠦᠭ ᠤᠨ ᠨᠡᠷᠡᠰ ᠢ ᠬᠤᠰᠢᠭᠤ ᠮᠠᠯ ᠠᠵᠤ ᠠᠬᠤᠢ ᠶᠢᠨ ᠠᠵᠢᠯ ᠤᠨ ᠥᠷᠲᠡᠭᠡ ᠳᠤ ᠮᠡᠳᠡᠭᠦᠯᠦᠨ᠎ᠡ᠃ ᠵᠢᠷᠭᠤᠭ᠎ᠠ ᠳᠤ᠂ ᠦᠵᠦᠮᠦᠴᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠴᠢᠳᠠᠮᠵᠢ ᠶᠢ ᠬᠡᠮᠵᠢᠨ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠲᠠᠢ ᠢᠳᠡᠪᠬᠢᠲᠡᠢ ᠬᠠᠮᠵᠢᠯᠴᠠᠵᠤ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠵᠤ ᠳᠡᠭᠡᠭᠰᠢᠯᠡᠭᠦᠯᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ᠃ ᠳᠣᠯᠤᠭ᠎ᠠ ᠳᠤ ᠡᠯ᠎ᠡ ᠰᠤᠮᠤ ᠪᠠᠯᠭᠠᠰᠤ ᠮᠣᠩᠭᠤᠯ ᠠᠳᠤᠭᠤᠨ ᠤ ᠭᠤᠣᠯ ᠰᠦᠷᠦᠭ ᠲᠤ ᠭᠦᠨᠵᠡᠭᠡᠶᠢᠷᠡᠨ ᠣᠨ ᠤ ᠪᠠᠶᠢᠴᠠᠭᠠᠯᠲᠠ ᠶᠢᠨ ᠠᠵᠢᠯ ᠦᠷᠨᠢᠬᠦᠯᠦᠨ᠎ᠡ᠃ ᠤᠯᠤᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠤ 3 ᠰᠤᠮᠤ ᠪᠠᠯᠭᠠᠰᠤ ᠳᠤ᠂ ᠭᠤᠤᠯᠳᠠᠯᠭᠠᠳᠤ ᠰᠦᠷᠦᠭ ᠤᠨ ᠮᠠᠯᠵᠢᠬᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ︽ᠮᠣᠩᠭᠤᠯ ᠠᠳᠤᠭᠤᠨ ᠤ ᠲᠣᠭᠠᠴᠢᠯᠠᠭᠰᠠᠨ ᠡᠭᠦᠯᠳᠡᠷ ᠬᠠᠮᠠᠭᠠᠯᠠᠬᠤ ᠰᠢᠰᠲ᠋ᠧᠮ︾ ᠢ ᠳᠡᠯᠭᠡᠷᠡᠭᠦᠯᠦᠨ ᠬᠡᠷᠡᠭᠯᠡᠭᠦᠯᠤᠨ᠎ᠠ᠃ ᠬᠠᠷᠢᠯᠴᠠᠬᠤ ᠬᠥᠮᠥᠨ᠄ ᠪᠠᠶᠠᠨᠲᠠᠯ᠎ᠠ᠂ ᠤᠲᠠᠰᠤ᠄ 13604790425᠂ ᠰᠢᠤᠳᠠᠨ ᠬᠠᠶᠢᠷᠴᠠᠭ᠄ xumugongzuozhan@126.com     ᠲᠤᠯᠤᠭ᠎ᠠ᠂ ᠮᠠᠯᠵᠢᠬᠤ ᠣᠷᠣᠨ ᠤ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ     ᠨᠢᠭᠡ ᠳᠤ ᠮᠠᠯᠵᠢᠬᠤ ᠣᠷᠣᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠪᠠᠷ ᠳᠡᠯᠭᠡᠷᠡᠭᠦᠯᠦᠨ᠎ᠡ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠵᠠᠭᠪᠤᠷ ᠪᠠ ᠲᠤᠷᠰᠢᠯᠭ᠎ᠠ ᠶᠢ ᠳᠡᠯᠭᠡᠷᠡᠭᠦᠯᠬᠦ ᠪᠠᠷ ᠳᠠᠮᠵᠢᠭᠤᠯᠤᠨ᠂ ᠮᠠᠯᠵᠢᠬᠤ ᠣᠷᠣᠨ ᠤ ᠠᠰᠢᠭᠯᠠᠵᠤ ᠪᠣᠯᠬᠤ ᠡᠬᠢ ᠪᠠᠶᠠᠯᠢᠭ ᠡᠳ᠋ ᠬᠥᠷᠥᠩᠭᠡ ᠶᠢ ᠭᠦᠢᠴᠡᠳ ᠠᠮᠢᠳᠤᠯᠢᠭ ᠪᠣᠯᠭᠠᠵᠤ᠂ ᠮᠠᠯ ᠠᠵᠤ ᠠᠬᠤᠢ ᠶᠢᠨ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠦᠮᠡᠨ ᠢ ᠠᠵᠤ ᠦᠢᠯᠡᠰ ᠤᠨ ᠬᠡᠯᠬᠢᠶ᠎ᠡ ᠳᠤ ᠨᠠᠩ ᠰᠠᠶᠢᠨ ᠰᠢᠩᠭᠡᠭᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠨᠡᠨ ᠬᠦ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠰᠢᠨ᠎ᠡ ᠬᠥᠳᠡᠯᠭᠡᠭᠦᠷ ᠪᠠ ᠮᠠᠯᠵᠢᠬᠤ ᠣᠷᠣᠨ ᠤ ᠠᠵᠤ ᠠᠬᠤᠢ ᠶᠢ ᠬᠥᠭᠵᠢᠭᠡᠬᠦ ᠪᠦᠲᠦᠮᠵᠢᠲᠡᠶ ᠠᠴᠢᠶᠠᠯᠠᠪᠤᠷᠢ ᠪᠣᠯᠭᠠᠨ᠎ᠠ᠃ ᠡᠯ᠎ᠡ ᠰᠤᠮᠤ ᠪᠠᠯᠭᠠᠰᠤ ᠨᠢ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠭᠤᠣᠯ ᠴᠣᠭᠴᠠ ᠪᠠᠷ ᠳᠠᠶᠢᠴᠢᠯᠠᠬᠤ 3 ᠶᠡᠭᠡ ᠲᠥᠷᠥᠯ ᠤᠨ 9 ᠵᠦᠢᠯ ᠤᠨ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠢ ᠢᠳᠡᠪᠬᠢᠲᠡᠢ ᠳᠡᠯᠭᠡᠷᠡᠭᠦᠯᠵᠦ᠂ 2024 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠣᠰ ᠰᠤᠮᠤ ᠪᠠᠯᠭᠠᠰᠤ ᠵᠢᠴᠢ ᠲᠤᠷᠰᠢᠯᠲᠠ ᠶᠢᠨ  ᠴᠢᠭ ᠤᠨ ᠭᠠᠴᠠᠭ᠎ᠠ ᠶᠢᠨ ︽ᠮᠠᠯᠵᠢᠬᠤ ᠲᠠᠷᠢᠶᠠᠯᠠᠬᠤ ᠣᠷᠣᠨ ᠤ ︿ᠭᠤᠷᠪᠠ ᠶᠢ ᠬᠤᠪᠢᠷᠠᠭᠤᠯᠬᠤ﹀ ᠥᠭᠡᠷᠡᠴᠢᠯᠡᠯᠲᠡ ᠶᠢᠨ ᠵᠠᠭᠪᠤᠷ ᠢ ᠳᠡᠯᠭᠡᠷᠡᠭᠦᠯᠬᠦ ᠶᠢᠨ ᠬᠡᠷᠡᠭᠵᠢᠭᠦᠯᠬᠦ ᠲᠥᠰᠥᠯ︾ ᠢ ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠲᠤ ᠮᠡᠳᠡᠭᠦᠯᠵᠦ᠂ ᠬᠠᠷᠠᠯᠲᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠱᠠᠲᠤ ᠱᠠᠲᠤ ᠪᠠᠷ ᠵᠣᠬᠢᠶᠠᠨ ᠪᠠᠶᠢᠭᠤᠯᠤᠨ ᠳᠠᠶᠢᠴᠢᠯᠠᠨ᠎ᠠ᠃ ᠬᠤᠶᠠᠷ ᠲᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠨᠡ ᠵᠢᠯ ᠮᠠᠨ ᠤ ᠬᠤᠰᠢᠭᠤ 1388 ᠥᠯᠢᠭᠡᠷ ᠴᠡᠭ ︵ᠡᠭᠦᠨ ᠳᠤ ᠥᠩᠭᠡᠨ ᠳᠠᠪᠬᠤᠷᠭ᠎ᠠ ᠶᠢᠨ ᠥᠯᠢᠭᠡᠷ ᠴᠡᠭ 1345᠂ ᠣᠭᠲᠣᠯᠣᠭᠠᠰᠤ ᠶᠢᠨ ᠥᠯᠢᠭᠡᠷ ᠴᠡᠭ 43︶ ᠲᠤ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠭᠤᠷᠪᠠ ᠳᠤ ᠮᠠᠯᠵᠢᠬᠤ ᠣᠷᠣᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠠ ᠭᠡᠷ ᠪᠠᠶᠢᠰᠢᠩ ᠪᠠᠷᠢᠬᠤ ᠲᠣᠨᠣᠭᠯᠠᠭᠠᠰᠤ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠬᠦᠷᠭᠡᠵᠦ ᠬᠢᠨᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ 2024 ᠣᠨ ᠳᠤ ᠰᠢᠨ᠎ᠡ ᠪᠠᠷ ᠨᠡᠮᠡᠭᠰᠡᠨ ᠣᠷᠣᠨ ᠰᠠᠭᠤᠴᠠ ᠶᠢᠨ ᠭᠠᠵᠠᠷ ᠪᠠ ᠭᠡᠷ ᠪᠠᠷᠢᠯᠭ᠎ᠠ ᠶᠢᠨ ᠲᠣᠨᠤᠭ ᠲᠥᠬᠦᠭᠡᠷᠦᠮᠵᠢ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠡᠮᠬᠢᠯᠡᠨ ᠳᠢᠭᠯᠡᠵᠦ᠂  ᠬᠤᠰᠢᠭᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ᠂ ᠵᠥᠪᠰᠢᠶᠡᠷᠡᠯ ᠦᠭᠡᠢ ᠪᠠᠷ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠭᠠᠷᠬᠤ ᠠᠴᠠ ᠵᠠᠶᠢᠯᠠᠰᠬᠢᠵᠦ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠤ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ  ᠮᠡᠳᠡᠬᠦᠯᠦᠭᠰᠡᠨ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ᠂ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠨ᠎ᠠ᠃ ᠳᠥᠷᠪᠡ ᠳᠤ᠂ ᠡᠩ ᠤᠨ ᠴᠢᠨᠠᠷᠲᠠᠢ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠡᠯ᠎ᠡ ᠰᠤᠮᠤ ᠪᠠᠯᠭᠠᠰᠤ ᠨᠢ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ  ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠡᠩ ᠤᠨ ᠴᠢᠨᠠᠷᠲᠠᠢ ᠲᠠᠷᠢᠶᠠᠨ ᠭᠠᠵᠠᠷ ᠢ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠷᠢᠯᠴᠠᠬᠤ ᠬᠥᠮᠥᠨ᠄ ᠰᠡᠷᠭᠦᠯᠦᠩ᠂ ᠤᠲᠠᠰᠤ᠄ 15374869233᠂ ᠰᠢᠤᠳᠠᠨ ᠬᠠᠶᠢᠷᠴᠠᠭ᠄ xwqnmjstgzx@163.com     ᠨᠠᠢᠮᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ     ᠨᠢᠭᠡ ᠳᠤ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠪᠡᠯᠡ︾ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠴᠢᠩᠭᠠᠷᠠᠭᠤᠯᠤᠨ᠂ ᠪᠥᠬᠦ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠲᠠᠭᠯᠠᠵᠤ᠂ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮᠵᠢᠯᠲᠡ᠂ ᠵᠢᠷᠤᠮᠵᠢᠭᠤᠯᠤᠯᠲᠠ ᠪᠠ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃ ᠬᠤᠶᠠᠷ ᠲᠤ ᠰᠢᠨ᠎ᠡ ᠬᠡᠯᠪᠡᠷᠢ ᠶᠢᠨ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠢ ᠶᠢ ᠲᠦᠷᠢᠶᠡᠰᠦᠯᠡᠭᠦᠯᠬᠦ᠂ ᠵᠠᠭᠤᠴᠢᠯᠠᠬᠤ ᠦᠢᠯᠡᠴᠢᠯᠡᠭᠡ᠂ ᠡᠳ᠋ ᠬᠥᠷᠥᠩᠭᠡ ᠶᠢ ᠬᠤᠪᠢ ᠣᠷᠣᠭᠤᠯᠬᠤ ᠵᠡᠷᠭᠡ ᠣᠯᠠᠨ ᠶᠠᠩᠵᠤ ᠶᠢᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠵᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢᠯᠡᠯ᠂ ᠬᠥᠳᠡᠯᠮᠦᠷᠢ ᠦᠢᠯᠡᠴᠢᠯᠡᠭᠡ ᠵᠡᠷᠭᠡ ᠦᠢᠯᠡᠴᠢᠯᠡᠭᠡᠨ ᠬᠠᠩᠭᠠᠬᠤ ᠶᠢ ᠳᠡᠮᠵᠢᠵᠦ᠂ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠲᠦᠭᠰᠢᠭᠦᠷᠢ ᠶᠢ ᠴᠢᠩᠭ᠎ᠠ ᠡᠵᠡᠮᠳᠡᠬᠦ ᠬᠡᠷᠡᠭᠲᠡᠢ᠃ ᠬᠠᠷᠢᠯᠴᠠᠬᠤ ᠬᠥᠮᠥᠨ᠄ ᠰᠡᠷᠭᠦᠯᠦᠩ᠂ ᠤᠲᠠᠰᠤ᠄ 15374869233 ᠂ ᠰᠢᠤᠳᠠᠨ ᠬᠠᠶᠢᠷᠴᠠᠭ᠄ xwqnmjstgzx@163.com     ᠶᠢᠰᠦ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠢ     2024 ᠣᠨ ᠳᠤ ᠡᠯ᠎ᠡ ᠰᠤᠮᠤ ᠪᠠᠯᠭᠠᠰᠤ ᠦᠷᠭᠦᠯᠵᠢᠯᠡᠨ ᠮᠠᠯᠵᠢᠬᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦ ᠲᠠᠯᠪᠢᠵᠤ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂  ᠮᠠᠯᠴᠢᠳ ᠠᠵᠤ ᠠᠬᠤᠶᠢᠯᠠᠯ ᠤᠨ ᠠᠰᠢᠭ ᠲᠤᠰᠠ ᠪᠠᠨ ᠬᠤᠯᠪᠣᠬᠤ ᠲᠣᠭᠲᠠᠴᠠ ᠶᠢ ᠭᠦᠢᠴᠡᠳ ᠪᠠᠳᠠᠷᠠᠭᠤᠯᠤᠨ᠂ ᠨᠥᠬᠦᠴᠡᠯ ᠲᠠᠢ ᠭᠠᠴᠠᠭ᠎ᠠ ᠬᠢᠭᠡᠳ ᠠᠵᠤ ᠠᠬᠤᠶᠢᠯᠠᠯ ᠢ ᠵᠣᠯᠭᠠᠭᠤᠯᠬᠤ ᠶᠢ ᠶᠡᠬᠡᠪᠡᠷ ᠲᠡᠳᠬᠦᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ ᠴᠣᠭᠴᠠ ᠶᠢ ᠥᠷᠭᠡᠳᠬᠡᠨ᠂ ᠭᠠᠴᠠᠭ᠎ᠠ ᠶᠢᠨ ᠬᠠᠮᠲᠤ ᠶᠢᠨ ᠡᠳ᠋ ᠬᠥᠷᠥᠩᠭᠡ ᠪᠣᠯᠣᠨ ᠪᠡᠯᠡᠳᠬᠡᠮᠵᠢ ᠲᠥᠬᠦᠭᠡᠷᠦᠮᠵᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠦᠢᠯᠡᠴᠢᠯᠡᠭᠡᠨ ᠢ ᠥᠷᠨᠢᠭᠦᠯᠬᠦ ᠬᠡᠷᠡᠭᠲᠡᠢ᠃ 2024 ᠣᠨ ᠳᠤ 26 ᠦᠢᠯᠡᠴᠢᠯᠡᠭᠡᠨ ᠤ ᠠᠩᠭᠢ ᠶᠢ ᠰᠢᠨ᠎ᠡ ᠪᠠᠷ ᠨᠡᠮᠡᠭᠳᠡᠭᠦᠯᠵᠦ᠂ ᠪᠥᠬᠦ ᠬᠤᠰᠢᠭᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ 100   ᠠᠴᠠ ᠳᠡᠭᠡᠭᠰᠢ ᠪᠣᠯᠭᠠᠵᠤ᠂ 93 ᠭᠠᠴᠠᠭ᠎ᠠ ᠶᠢ ᠪᠥᠬᠦ ᠲᠠᠯ᠎ᠠ ᠪᠠᠷ ᠬᠠᠮᠤᠷᠤᠭᠤᠯᠬᠤ ᠪᠠᠷ ᠴᠢᠷᠮᠠᠶᠢᠨ᠎ᠠ᠃ ᠡᠯ᠎ᠡ ᠰᠤᠮᠤ ᠪᠠᠯᠭᠠᠰᠤ ᠨᠢ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠡᠪᠡᠰᠦ ᠪᠣᠷᠳᠤᠭ᠎ᠠ ᠶᠢ ᠨᠥᠭᠡᠴᠡᠯᠡᠵᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠦᠢᠯᠡᠴᠢᠯᠡᠭᠡ᠂ ᠮᠠᠯ ᠵᠢᠭᠦᠷᠲᠡᠨ ᠤ ᠢᠯᠭᠠᠳᠤᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠭᠤᠣᠯᠯᠠᠭᠤᠯᠤᠨ ᠬᠢᠯᠠᠰ ᠴᠡᠭ ᠢ ᠪᠣᠶ ᠪᠣᠯᠭᠠᠵᠤ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠬᠠᠷᠢᠯᠴᠠᠬᠤ ᠬᠥᠮᠥᠨ᠄ ᠵᠢᠷᠠᠨᠲᠠᠢ᠂ ᠤᠲᠠᠰᠤ᠄ 15148624249᠂ ᠰᠢᠤᠳᠠᠨ ᠬᠠᠶᠢᠷᠴᠠᠭ᠄ xwqfpb2020@163.com     ᠠᠷᠪᠠ᠂ ᠮᠠᠯ ᠠᠵᠤ ᠠᠬᠤᠢ᠂ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ     ᠨᠢᠭᠡ ᠳᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠠᠵᠤ ᠦᠢᠯᠡᠰ ᠢᠶᠠᠷ ᠪᠠᠯᠭᠠᠰᠤ ᠶᠢ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠥᠷᠥᠯ ᠵᠦᠢᠯ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠮᠢᠳᠤᠷᠠᠯ ᠤᠨ ᠨᠥᠬᠦᠴᠡᠯ ᠢ ᠤᠯᠠᠮ ᠴᠢᠨᠠᠭᠰᠢᠳᠠ ᠰᠠᠶᠢᠵᠢᠷᠠᠭᠤᠯᠵᠤ᠂ 2021 ᠣᠨ ᠠᠴᠠ ᠨᠠᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠡᠳ᠋ᠯᠡᠵᠦ ᠥᠩᠭᠡᠷᠡᠭᠰᠡᠨ 19 ᠭᠠᠴᠠᠭ᠎ᠠ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠲᠦᠷᠦᠯ ᠵᠦᠢᠯ ᠤᠨ 3 ᠭᠠᠴᠠᠭ᠎ᠠ᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠲᠦᠷᠦᠯ ᠵᠦᠢᠯ ᠤᠨ 1 ᠭᠠᠴᠠᠭ᠎ᠠ ᠳᠤ ᠡᠭᠦᠯᠳᠡᠷ ᠤᠨ ᠦᠬᠡᠷ ᠡᠭᠦᠯᠳᠡᠷ ᠤᠨ ᠬᠤᠨᠢ᠂ ᠲᠡᠵᠢᠭᠡᠯ ᠡᠪᠡᠰᠦ ᠪᠣᠷᠳᠤᠭ᠎ᠠ᠂ ᠰᠦᠷᠦᠭ ᠤᠨ ᠳᠠᠭᠠᠭᠠᠴᠢᠯᠠᠯᠲᠠ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠮᠡᠷᠭᠡᠵᠢᠯ᠂ ᠨᠡᠶᠢᠭᠡᠮᠴᠢᠯᠡᠭᠰᠡᠨ ᠦᠢᠯᠡᠴᠢᠯᠡᠭᠡ᠂ ᠠᠵᠢᠯ ᠣᠯᠭᠤᠬᠤ ᠠᠵᠢᠯ ᠤᠨ ᠪᠠᠶᠢᠷᠢ ᠬᠠᠩᠭᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠠᠴᠠᠭ᠎ᠠ ᠨᠢᠭᠡᠪᠦᠷᠢ ᠨᠠᠭᠠᠲᠤ ᠵᠠᠬ᠎ᠠ ᠳᠠᠭᠠᠨ 1 ︱ 3 ᠡᠷᠦᠬᠡ ᠶᠠᠳᠠᠭᠤ ᠠᠴᠠ ᠠᠩᠭᠢᠵᠢᠷᠠᠭᠰᠠᠨ ᠡᠷᠦᠬᠡ ︵ᠵᠠᠬ᠎ᠠ ᠬᠢᠵᠠᠭᠠᠷ ᠤᠨ ᠡᠷᠦᠬᠡ︶ ᠶᠢ ᠳᠠᠶᠢᠴᠢᠯᠠᠨ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠴᠢᠳᠠᠪᠤᠷᠢ ᠶᠢ ᠳᠠᠶᠢᠴᠢᠯᠠᠵᠤ᠂ ᠮᠠᠯᠵᠢᠬᠤ ᠡᠷᠦᠬᠡ ᠶᠢᠨ ᠣᠷᠣᠯᠭ᠎ᠠ ᠶᠢᠨ ᠨᠡᠮᠡᠭᠳᠡᠯ ᠳᠤ ᠬᠦᠴᠦᠨ ᠨᠡᠮᠡᠷᠢᠯᠡᠨ᠎ᠡ᠃ ᠬᠤᠶᠠᠷ ᠲᠤ᠂ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠨᠢ ᠭᠠᠴᠠᠭ᠎ᠠ ᠶᠢᠨ ᠬᠠᠮᠲᠤ ᠨᠡᠶᠢᠲᠡ᠂ ᠮᠠᠯᠵᠢᠬᠤ ᠡᠷᠦᠬᠡ ᠯᠦᠭᠡ ᠵᠠᠬᠢᠶᠠᠯᠠᠭ᠎ᠠ ᠶᠢᠨ ᠰᠠᠭᠤᠷᠢ ᠲᠤᠭ᠎ᠠ ᠶᠢ ᠪᠠᠲᠤᠯᠠᠨ ᠬᠤᠳᠠᠯᠳᠤᠨ ᠠᠪᠬᠤ᠂ ᠬᠠᠳᠤᠯᠠᠩ ᠪᠡᠯᠴᠢᠭᠡᠷ ᠢ ᠡᠷᠭᠢᠯᠳᠦᠭᠦᠯᠬᠦ᠂ ᠤᠷᠢᠳᠠᠪᠠᠷ ᠤᠷᠢᠨ ᠬᠡᠷᠡᠭᠯᠡᠬᠦ᠂ ᠬᠤᠶᠠᠳᠠᠭᠢ ᠤᠳᠠᠭᠠᠨ ᠤ ᠠᠰᠢᠭ ᠣᠯᠵᠠᠪᠤᠷᠢ ᠶᠢ ᠪᠤᠴᠠᠭᠠᠬᠤ᠂ ᠬᠤᠪᠢ ᠣᠷᠣᠭᠤᠯᠤᠨ ᠠᠰᠢᠭ ᠬᠤᠪᠢᠶᠠᠬᠤ᠂ ︽ᠬᠥᠲᠥᠴᠢ ᠠᠵᠤ ᠠᠬᠤᠶᠢᠯᠠᠯ + ᠬᠤᠷᠰᠢᠶ᠎ᠠ + ᠮᠠᠯᠵᠢᠬᠤ ᠡᠷᠦᠬᠡ︾ ᠶᠢᠨ ᠨᠠᠶᠢᠳᠠᠨ ᠲᠡᠵᠢᠭᠡᠯᠭᠡᠬᠦ᠂ ᠣᠷᠣᠯᠠᠨ ᠲᠡᠵᠢᠭᠡᠬᠦ ᠵᠡᠷᠭᠡ ᠣᠯᠠᠨ ᠵᠦᠢᠯ ᠤᠨ ᠵᠠᠭᠪᠤᠷ ᠢᠶᠠᠷ ᠳᠠᠮᠵᠢᠭᠤᠯᠤᠨ ᠠᠰᠢᠭ ᠲᠤᠰᠠ ᠶᠢᠨ ᠬᠤᠯᠪᠣᠭᠠᠯᠠᠯ ᠢ ᠪᠠᠶᠢᠭᠤᠯᠤᠨ᠎ᠠ᠃ ᠮᠠᠯᠵᠢᠬᠤ ᠡᠷᠦᠬᠡ ᠬᠢᠭᠡᠳ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠨᠡᠶᠢᠲᠡ 6700 ᠮᠠᠯᠵᠢᠬᠤ ᠡᠷᠦᠬᠡ ᠶᠢ ᠳᠠᠶᠢᠴᠢᠯᠠᠵᠤ᠂ ᠨᠢᠭᠲᠠ ᠬᠡᠯᠪᠡᠷᠢ ᠶᠢᠨ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢᠨ ᠬᠠᠷᠢᠴᠠᠯ 70% ᠳᠤ ᠬᠦᠷᠭᠡᠨ᠎ᠡ᠃  ᠭᠤᠷᠪᠠ ᠳᠤ᠂ ᠥᠪᠥᠷ ᠮᠣᠩᠭᠤᠯ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭ᠎ᠠ ᠥᠷᠨᠢᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠬᠡᠪᠴᠢᠶᠡᠵᠢᠭᠰᠡᠨ ᠰᠠᠶᠢᠨ ᠡᠭᠦᠯᠳᠡᠷ ᠤᠨ ᠮᠢᠬᠠᠨ ᠤ ᠦᠬᠡᠷ ᠪᠣᠷᠳᠣᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ ᠡᠵᠡᠩᠨᠡᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠮᠠᠯᠴᠢᠳ ᠤᠨ ᠬᠤᠷᠰᠢᠶ᠎ᠠ᠂ ᠭᠠᠴᠠᠭᠠᠨ ᠤ ᠬᠠᠮᠲᠤ ᠶᠢᠨ ᠠᠵᠤ ᠠᠬᠤᠢ ᠵᠡᠷᠭᠡ ᠮᠠᠯᠵᠢᠬᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠯᠤᠭ᠎ᠠ ᠬᠤᠪᠢ ᠣᠷᠣᠭᠤᠯᠤᠨ ᠬᠤᠷᠰᠢᠬᠤ᠂ ᠵᠠᠬᠢᠶᠠᠯᠠᠭ᠎ᠠ ᠪᠠᠷ ᠬᠤᠳᠠᠯᠳᠤᠨ ᠠᠪᠬᠤ᠂ ᠨᠠᠶᠢᠳᠠᠨ ᠡᠵᠡᠩᠨᠡᠭᠦᠯᠦᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ᠂ ᠨᠠᠶᠢᠳᠠᠨ ᠡᠳ᠋ᠰᠢᠭᠦᠯᠬᠦ ᠵᠡᠷᠭᠡ ᠬᠡᠯᠪᠡᠷᠢ ᠪᠠᠷ ᠬᠠᠮᠲᠤᠷᠠᠯᠴᠠᠭ᠎ᠠ ᠥᠷᠨᠢᠭᠦᠯᠤᠨ᠎ᠠ᠃ ᠬᠠᠷᠢᠯᠴᠠᠬᠤ ᠬᠥᠮᠥᠨ᠄  ᠠᠭᠤᠳᠠᠮ᠂ ᠤᠲᠠᠰᠤ᠄ 13847302937᠃ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ‌‍ᠲ᠋ᠧᠭᠨᠢᠭ ᠮᠡᠷᠭᠡᠵᠢᠯ ᠤᠨ ᠲᠣᠪᠴᠢᠶ᠎ᠠ                     2024 ᠣᠨ ᠤ 1 ᠰᠠᠷ᠎ᠠ ᠶᠢᠨ 31 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号