ᠡᠨᠡ ᠮᠡᠬᠡᠯᠡᠯ ᠳᠤ ᠶᠠᠭᠠᠬᠢᠭᠠᠳ ᠲᠦᠮᠡ ᠭᠠᠷᠤᠢ ᠬᠥᠮᠥᠨ ᠮᠡᠬᠡᠯᠡᠭᠳᠡᠭᠰᠡᠨ ᠶᠤᠮ ᠪᠤᠢ︖
ᠨᠡᠶᠢᠲᠡᠯᠡᠭᠰᠡᠨ ᠴᠠᠭ᠄
2024/3/11
     ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠥᠨ ᠵᠦᠪᠭᠡᠨ ᠨᠢᠭᠡ ᠯᠡ ᠰᠢᠷᠬᠡᠭ ᠬᠤᠳᠠᠯᠳᠤᠨ ᠠᠪᠴᠤ ᠪᠣᠯᠣᠨ᠎ᠠ᠂ ᠨᠢᠭᠡ ᠰᠢᠷᠬᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠬᠡ ᠮᠥᠩᠭᠦ ᠶᠢ ᠪᠠᠲᠤᠯᠠᠬᠤ ᠶᠢᠨ ᠰᠠᠭᠤᠷᠢ ᠳᠡᠭᠡᠷ᠎ᠡ 5 ᠲᠦᠮᠡᠨ ᠲᠥᠭᠦᠷᠢᠭ ᠣᠯᠣᠨ᠎ᠠ︾᠁ ᠡᠶᠢᠮᠦ ᠪᠣᠯᠬᠢ ᠪᠦᠳᠦᠭᠦᠯᠢᠭ ᠮᠡᠬᠡᠯᠡᠯ ᠨᠢ 6 ᠵᠢᠯ ᠤᠨ ᠬᠤᠭᠤᠴᠠᠭᠠᠨ ᠳᠤ ᠲᠦᠮᠡ ᠭᠠᠷᠤᠢ ᠬᠤᠣᠷ ᠠᠮᠰᠠᠭᠴᠢ ᠶᠢ ᠮᠡᠬᠡᠯᠡᠪᠡ᠃         2023 ᠣᠨ ᠤ ᠳᠣᠣᠷ᠎ᠠ ᠬᠠᠭᠠᠰ ᠵᠢᠯ ᠳᠤ᠂ ᠹᠦᠵᠢᠶᠠᠨ ᠮᠤᠵᠢ ᠶᠢᠨ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠨᠢᠭᠡᠨ ᠮᠡᠬᠡᠯᠡᠯ ᠤᠨ ᠶᠠᠯᠠᠲᠤ ᠪᠦᠯᠬᠦᠮ ᠢ ᠠᠮᠵᠢᠯᠲᠠ ᠲᠠᠢ ᠰᠦᠢᠷᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 2 ᠳ᠋ᠦᠩᠰᠢᠭᠤᠷ ᠲᠥᠭᠦᠷᠢᠭ ᠲᠤ ᠬᠦᠷᠴᠡᠢ᠃ ᠣᠶᠢᠷ᠎ᠠ ᠳᠤ᠂ ᠪᠠᠶᠢᠴᠠᠭᠠᠬᠤ ᠪᠠᠶᠢᠭᠤᠯᠭ᠎ᠠ ᠨᠢ ᠲᠣᠰ ᠬᠡᠷᠡᠭ ᠤᠨ ᠭᠤᠣᠯ ᠶᠠᠯ᠎ᠠ ᠬᠢᠭᠰᠡᠨ 12ᠰᠡᠵᠢᠭᠲᠡᠢ ᠬᠥᠮᠥᠨ ᠳᠤ ᠵᠠᠯᠭᠠᠭ᠎ᠠ ᠪᠠᠷ ᠠᠯᠪᠠᠨ ᠵᠠᠭᠠᠯᠳᠤᠯᠭ᠎ᠠ ᠭᠠᠷᠭᠠᠪᠠ᠃  ︽ᠮᠢᠩᠭ᠎ᠠ ᠣᠷᠣᠭᠤᠯᠪᠠᠯ ᠲᠠᠪᠤᠨ ᠲᠦᠮᠡ ᠣᠯᠣᠨ᠎ᠠ︾ 67 ᠨᠠᠰᠤᠲᠠᠢ ᠯᠢᠨ ᠣᠪᠣᠭᠲᠤ ᠵᠠᠩᠵᠸᠤ ᠬᠤᠳᠠ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠲᠤ ᠠᠮᠤᠷ ᠢ ᠬᠠᠮᠠᠭᠠᠯᠠᠭᠴᠢ ᠪᠣᠯᠪᠠ᠃ ᠬᠡᠳᠦᠨ ᠵᠢᠯ ᠤᠨ ᠡᠮᠦᠨ᠎ᠡ᠂ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠲᠠᠨᠢᠯ ᠬᠥᠮᠥᠨ ᠲᠡᠭᠦᠨ ᠳᠤ᠄ ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠥᠨ ᠵᠦᠪᠭᠡᠨ ᠨᠢᠭᠡ ᠯᠡ ᠰᠢᠷᠬᠡᠭ ᠬᠤᠳᠠᠯᠳᠤᠨ ᠠᠪᠴᠤ ᠪᠣᠯᠣᠨ᠎ᠠ᠂ ᠨᠢᠭᠡ ᠰᠢᠷᠬᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠬᠡ ᠮᠥᠩᠭᠦ ᠶᠢ ᠪᠠᠲᠤᠯᠠᠬᠤ ᠶᠢᠨ ᠰᠠᠭᠤᠷᠢ ᠳᠡᠭᠡᠷ᠎ᠡ 5 ᠲᠦᠮᠡᠨ ᠲᠥᠭᠦᠷᠢᠭ ᠣᠯᠣᠨ᠎ᠠ︾ ᠭᠡᠵᠦ ᠬᠡᠯᠡᠭᠰᠡᠨ ᠪᠥᠭᠡᠳ ᠯᠢᠨ ᠣᠪᠣᠭᠲᠤ ᠳᠤ ︽ᠡᠨᠡ ᠪᠣᠯ ᠤᠯᠤᠰ ᠤᠨ ᠨᠢᠭᠤᠴᠠ᠂ ᠶᠠᠭᠠᠬᠢᠭᠰᠠᠨ ᠴᠤ ᠪᠤᠰᠤᠳ ᠲᠤ ᠬᠡᠯᠡᠵᠦ ᠪᠣᠯᠬᠤ ᠦᠭᠡᠢ︾ ᠭᠡᠵᠦ ᠵᠠᠬᠢᠪᠠ᠃ ︽ᠲᠡᠷᠡ ᠪᠠᠰᠠ ᠨᠠᠳᠠᠳᠤ ᠪᠢᠴᠢᠭ ᠮᠠᠲ᠋ᠧᠷᠢᠶᠠᠯ ᠢ ᠦᠵᠡᠭᠦᠯᠦᠭᠰᠡᠨ᠃ ᠪᠢ ᠲᠤᠬᠠᠢ ᠶᠢᠨ ᠦᠶ᠎ᠡ ᠳᠤ ︿ᠤᠯᠤᠰ ᠠᠴᠠ ᠲᠠᠷᠬᠠᠭᠠᠭᠰᠠᠨ﹀ ᠭᠡᠳᠡᠭ ᠢ ᠨᠢ ᠦᠨᠡᠮᠰᠢᠨ ᠢᠲᠡᠭᠡᠵᠦ᠂ ᠥᠪᠡᠷ ᠤᠨ ᠪᠡᠶ᠎ᠡ ᠪᠣᠯᠣᠨ ᠭᠡᠷ ᠤᠨ ᠬᠥᠮᠥᠰ ᠤᠨ ᠪᠡᠶ᠎ᠡ ᠶᠢᠨ ᠭᠠᠷᠤᠯ ᠢᠶᠠᠷ 5000 ᠲᠥᠭᠦᠷᠢᠭ ᠵᠠᠷᠤᠴᠠᠭᠤᠯᠤᠨ 5 ᠰᠢᠷᠬᠡᠭ ᠬᠤᠳᠠᠯᠳᠤᠨ ᠠᠪᠴᠠᠢ᠂ ᠨᠦᠬᠦᠭᠡ ᠡᠲᠡᠭᠡᠳ ᠨᠠᠳᠠ ᠳᠤ ᠨᠡᠷ᠎ᠡ ᠬᠠᠳᠠᠭᠰᠠᠨ 5 ᠠᠯᠲᠠᠨ ᠺᠠᠷᠲ ᠢᠯᠡᠭᠡᠵᠡᠢ︾ ᠭᠡᠵᠦ ᠰᠠᠷ᠎ᠠ ᠳᠠᠭᠠᠨ 2000 ᠯᠠ ᠲᠥᠭᠦᠷᠢᠭ ᠣᠯᠳᠠᠭ ᠯᠢᠨ ᠣᠪᠣᠭᠲᠤ ᠬᠡᠯᠡᠭᠰᠡᠨ ᠢᠶᠠᠨ ᠵᠠᠯᠭᠠᠭᠠᠳ᠄ ︽ᠮᠢᠨᠤ ᠲᠠᠨᠢᠯᠴᠠᠭᠤᠯᠭ᠎ᠠ ᠪᠠᠷ ᠬᠤᠶᠠᠷ ᠨᠠᠶᠢᠵᠠ ᠮᠠᠨᠢ ᠲᠤᠰ ᠲᠤᠰ ᠲᠦᠮᠡ ᠰᠢᠬᠠᠮ ᠲᠥᠭᠦᠷᠢᠭ ᠤᠨ ᠪᠡᠯᠡ ᠣᠷᠣᠭᠤᠯᠵᠠᠢ᠃ ᠵᠢᠯ ᠤᠨ ᠡᠴᠦᠰ ᠪᠣᠯᠬᠤ ᠳᠤ᠂ 5 ᠺᠠᠷᠲ ᠢ ᠨᠢ ᠤᠳᠠᠲᠠᠯ᠎ᠠ ᠰᠣᠯᠢᠵᠤ ᠥᠭᠭᠦᠭᠰᠡᠨ ᠦᠭᠡᠢ ᠪᠣᠯᠬᠤᠷ ᠯᠢᠨ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠰᠡᠷᠡᠵᠦ ᠮᠡᠳᠡᠭᠡᠳ᠂ ᠬᠦᠦ ᠶᠢᠨ ᠢᠶᠠᠨ ᠢᠳᠬᠠᠯ ᠳᠣᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠬᠡᠷᠡᠭ ᠮᠡᠳᠡᠭᠦᠯᠪᠡ᠃ ᠤᠯᠠᠨ ᠬᠤᠬᠢᠷᠠᠯ ᠠᠮᠰᠠᠭᠴᠢ ᠶᠢᠨ ᠬᠡᠯᠡᠬᠦ ᠪᠠᠷ᠂ ᠰᠦᠢᠳᠬᠡᠯ ᠲᠤᠰᠢᠶᠠᠭᠠᠳ ᠭᠡᠰᠢᠭᠦᠨ ᠪᠣᠯᠤᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠮᠥᠩᠭᠦ ᠣᠯᠳᠠᠭ᠂ ᠳᠠᠷᠠᠭ᠎ᠠ ᠨᠢ ᠨᠡᠷ᠎ᠡ ᠮᠡᠳᠡᠭᠦᠯᠦᠭᠰᠡᠨ ᠮᠥᠩᠭᠦ ᠪᠠᠷ ᠢᠶᠠᠨ ᠸᠢᠴᠠᠲ ᠤᠨ ᠬᠤᠯᠪᠣᠭᠠᠨ ᠳᠤ ᠲᠠᠷᠬᠠᠭᠠᠭᠰᠠᠨ ︽ᠱᠧᠩ ᠱᠢ ᠵᠥᠩ ᠬᠤᠸᠠ︾ ᠰᠦᠯᠵᠢᠶᠡᠨ ᠳᠠᠬᠢ ᠲᠠᠩᠰᠠᠨ ᠨᠣᠮᠧᠷ ᠢᠶᠠᠨ ᠠᠮᠢᠯᠠᠭᠤᠯᠪᠠᠯ ᠳᠠᠷᠤᠢ ᠲᠣᠭᠠᠴᠢᠯᠠᠭᠰᠠᠨ ᠵᠣᠭᠤᠰ ᠢ ᠣᠯᠵᠤ᠂ ᠨᠡᠷ᠎ᠡ ᠮᠡᠳᠡᠭᠦᠯᠦᠭᠰᠡᠨ ᠮᠥᠩᠭᠦ ᠪᠠᠷ ᠢᠶᠠᠨ 5 ᠲᠦᠮᠡᠨ ᠲᠥᠭᠦᠷᠢᠭ ᠰᠣᠯᠢᠵᠤ ᠠᠪᠴᠤ ᠪᠣᠯᠣᠨ᠎ᠠ ᠭᠡᠨ᠎ᠡ᠃         ︽ᠥᠯᠥᠰᠬᠦᠯᠡᠩ ᠪᠣᠷᠤᠯᠠᠭᠤᠯᠭ᠎ᠠ ᠶᠢᠨ ᠬᠡᠯᠪᠡᠷᠢ ᠪᠠᠷ ᠸᠢᠴᠠᠲ ᠤᠨ ᠬᠤᠯᠪᠣᠭ᠎ᠠ ᠳᠤ ᠡᠭᠦᠨ ᠢᠶᠠᠨ ᠳᠡᠯᠭᠡᠷᠡᠭᠦᠯᠵᠦ᠂ ᠬᠥᠮᠥᠨ ᠪᠦᠷᠢ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠢᠶᠠᠷ ᠢᠶᠠᠨ ᠨᠡᠷ᠎ᠡ ᠮᠡᠳᠡᠭᠦᠯᠬᠦ ᠮᠥᠩᠭᠦ ᠶᠢ ᠬᠤᠳᠠᠯᠳᠤᠨ ᠠᠪᠴᠤ ᠪᠣᠯᠣᠨ᠎ᠠ᠂ ᠡᠪᠰᠡᠯ ᠪᠦᠯᠦᠭ ᠤᠨ ᠥᠪᠡᠷ ᠢᠶᠠᠨ ᠤᠳᠤᠷᠢᠳᠴᠤ ᠥᠪᠡᠷ ᠢᠶᠠᠨ ᠲᠣᠭᠯᠠᠬᠤ ᠥᠳᠥᠭᠡᠯᠭᠡ ᠶᠢᠨ ᠳᠣᠣᠷ᠎ᠠ᠂ ᠨᠡᠷ᠎ᠡ ᠮᠡᠳᠡᠭᠦᠯᠬᠦ ᠮᠥᠩᠭᠦ ᠶᠢᠨ ᠨᠢᠭᠡᠴᠢ ᠦᠨ᠎ᠡ ᠨᠢ 100 ᠲᠥᠭᠦᠷᠢᠭ ᠪᠠᠶᠢᠭᠰᠠᠨ ᠠᠴᠠ ᠪᠠᠨ ᠠᠭᠠᠵᠢᠮ ᠢᠶᠠᠷ ᠨᠡᠮᠡᠭᠳᠡᠭᠡᠳ 1600 ᠲᠥᠭᠦᠷᠢᠭ ᠪᠣᠯᠵᠠᠢ︾ ᠭᠡᠵᠦ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠣᠭᠤᠷᠢᠭ ᠤᠨ ᠬᠤᠪᠢᠶᠠᠷᠢ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠼᠠᠢ ᠢ ᠪᠢᠨ ᠬᠡᠯᠡᠭᠰᠡᠨ ᠢᠶᠠᠨ ᠵᠠᠯᠭᠠᠭᠠᠳ᠂ ᠴᠥᠭᠡᠨ ᠪᠤᠰᠤ ᠨᠠᠰᠤᠲᠠᠶᠢᠴᠤᠳ ᠡᠬᠢᠨ ᠳᠡᠭᠡᠨ ᠠᠶᠤᠵᠤ ᠪᠠᠶᠢᠭᠰᠠᠨ ᠠᠴᠠ ᠪᠠᠨ ᠰᠡᠭᠦᠯᠳᠡᠵᠦ ᠢᠷᠡᠭᠡᠳ ᠪᠤᠯᠢᠶᠠᠯᠳᠤᠨ ᠬᠤᠳᠠᠯᠳᠤᠨ ᠠᠪᠴᠤ᠂ ᠮᠠᠰᠢ ᠣᠯᠠᠨ ᠬᠥᠮᠥᠰ ᠨᠢ ᠭᠡᠷ ᠪᠦᠯᠢ᠂ ᠨᠠᠶᠢᠵᠠ ᠨᠠᠷ ᠤᠨ ᠢᠶᠠᠨ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠬᠡᠷᠡᠭᠯᠡᠵᠦ ᠡᠭᠦᠨ ᠢ ᠬᠤᠳᠠᠯᠳᠤᠨ ᠠᠪᠴᠠᠢ ᠭᠡᠵᠦ ᠬᠡᠯᠡᠯ᠎ᠡ᠃          ᠴᠠᠭᠳᠠᠭᠠᠨ ᠤ ᠲᠠᠯ᠎ᠠ ᠶᠢᠨ ᠪᠠᠶᠢᠴᠠᠭᠠᠨ ᠲᠣᠳᠣᠯᠠᠭᠰᠠᠨ ᠢᠶᠠᠷ᠂ ᠲᠣᠰ ᠬᠡᠷᠡᠭ ᠲᠤ ᠲᠦᠮᠡ ᠭᠠᠷᠤᠢ ᠬᠥᠮᠥᠨ ᠬᠤᠯᠪᠣᠭᠳᠠᠵᠤ᠂ ᠣᠯᠠᠩᠬᠢ ᠨᠢ 50 ᠨᠠᠰᠤᠨ ᠠᠴᠠ ᠳᠡᠭᠡᠭᠰᠢᠬᠢ ᠢᠳᠡᠷ ᠥᠲᠡᠯᠦᠭᠡ ᠨᠠᠰᠤᠨ ᠤ ᠬᠥᠮᠥᠨ ᠪᠠᠶᠢᠵᠤ᠂ ᠴᠥᠭᠡᠨ ᠪᠤᠰᠤ ᠬᠥᠮᠥᠨ ᠤ ᠠᠮᠢᠳᠤᠷᠠᠯ ᠨᠥᠬᠦᠴᠡᠯ ᠨᠢ ᠲᠡᠶᠢᠮᠦ ᠰᠠᠶᠢᠨ ᠪᠢᠰᠢ ᠶᠤᠮ᠃       ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠢ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠤᠳᠠᠯ ᠦᠭᠡᠢ ᠨᠡᠶᠢᠲᠡᠯᠡᠬᠦ ᠭᠡᠵᠦ ᠪᠠᠶᠢᠨ᠎ᠠ︕ᠨᠡᠶᠢᠲᠡᠯᠡᠭᠰᠡᠨ ᠴᠠᠭ᠄2024/2/28     ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠡᠭᠡᠵᠢᠩ ᠢ ᠪᠠᠭᠲᠠᠭᠠᠭᠰᠠᠨ ᠣᠯᠠᠨ ᠭᠠᠵᠠᠷ ᠤᠨ ᠬᠢᠨ ᠴᠥᠮ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠬᠡᠷᠡᠭᠯᠡᠬᠦ ᠯᠢᠲ᠋ᠢ ᠢᠶᠤᠨ ᠴᠡᠨᠡᠭ ᠤᠨ ᠠᠶᠤᠯᠭᠦᠢ ᠴᠢᠨᠠᠷ ᠤᠨ ᠲᠤᠬᠠᠢ ᠣᠷᠣᠨ ᠨᠤᠲᠤᠭ ᠤᠨ ᠴᠢᠨᠠᠷᠲᠠᠢ ᠮᠡᠷᠭᠡᠵᠢᠯ ᠤᠨ ᠪᠠᠷᠢᠮᠵᠢᠶ᠎ᠠ ᠲᠣᠭᠲᠠᠭᠠᠭᠰᠠᠨ ᠪᠠᠶᠢᠨ᠎ᠠ︔ ᠡᠭᠦᠨ ᠠᠴᠠ ᠭᠠᠳᠠᠨ᠎ᠠ᠂ ᠮᠠᠨ ᠤ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠤᠳᠠᠯ ᠦᠭᠡᠢ ᠨᠡᠶᠢᠲᠡᠯᠡᠬᠦ ᠪᠠᠷ ᠪᠠᠶᠢᠨ᠎ᠠ᠃         ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠶᠠᠰᠤ ᠴᠢᠨᠠᠷ ᠤᠨ ᠠᠶᠤᠯᠭᠦᠢ ᠶᠢᠨ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢᠨ ᠲᠥᠯᠥᠭᠡ᠂ 2022 ᠣᠨ ᠳᠤ᠂ ᠪᠡᠭᠡᠵᠢᠩ ᠬᠤᠲᠠ ᠶᠢᠨ ᠳᠤᠭᠤᠢ ᠲᠡᠷᠭᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠠᠵᠢᠯ ᠲᠥᠷᠥᠯ ᠤᠨ ᠨᠡᠶᠢᠭᠡᠮᠯᠢᠭ ᠠᠴᠠ ᠪᠦᠯᠬᠦᠮ ᠤᠨ ᠪᠠᠷᠢᠮᠵᠢᠶ᠎ᠠ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠬᠡᠷᠡᠭᠯᠡᠬᠦ ᠯᠢᠲ᠋ᠢ ᠢᠶᠤᠨ ᠴᠡᠨᠡᠭ ᠤᠨ ᠪᠦᠯᠦᠭ ᠤᠨ ᠮᠡᠷᠭᠡᠵᠢᠯ ᠤᠨ ᠵᠢᠷᠤᠮᠵᠢᠯ ᠢ ᠲᠣᠭᠲᠠᠭᠠᠪᠠ᠃  
 
ᠢᠷᠡᠯᠲᠡ᠄ ᠮᠠᠨᠵᠤᠤᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号