ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ2024 ᠤᠨ ᠤ ᠪᠦᠭᠦ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠭᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/11
      ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠠ ᠭᠦᠭᠵᠢᠯᠳᠠ ᠶᠢᠨ ᠤᠶᠢᠯᠠᠭᠠᠬᠳᠠᠬᠤᠨ ᠢ ᠭᠦᠨᠵᠡᠭᠡᠢ    ᠤᠶᠢᠯᠠᠳᠦᠯᠭᠡᠵᠢᠭᠦᠯᠵᠤ᠂ ᠠᠮᠢ ᠠᠬᠤᠢ ᠶᠢ ᠬᠠᠮᠠᠭᠠᠯᠠᠬᠤ ᠶᠢ ᠳᠡᠷᠢᠬᠦᠨ ᠪᠠᠶᠢᠷᠢᠨ ᠳᠤ ᠲᠠᠯᠪᠢᠨ ᠪᠤᠬᠢᠷᠳᠤᠯ ᠦᠭᠡᠢ ᠭᠦᠭᠵᠢᠭᠦᠯᠭᠦ ᠶᠢ ᠪᠠᠷᠢᠮᠳᠠᠯᠠᠵᠦ᠂ ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠭᠦ ᠤᠬᠠᠭᠠᠨᠴᠢ ᠎ ᠪᠠᠷ ᠬᠠᠮᠠᠭᠠᠯᠠᠨ ᠠᠰᠢᠭᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠭᠯᠠᠬᠤ ᠶᠢ ᠪᠡᠶᠡᠯᠡᠬᠦᠯᠬᠦ ᠶᠢᠨ ᠲᠤᠯᠠᠲᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ᠂ 2024 ᠤᠨ ᠳᠤ ᠮᠠᠨ ᠤ ᠬᠤᠰᠢᠭᠤ ᠨᠢ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠭᠦ ᠠᠵᠢᠯ ᠢ ᠦᠷᠭᠦᠯᠵᠢᠯᠡᠨ ᠦᠷᠨᠢᠬᠦᠯᠬᠦ ᠪᠠᠷ ᠪᠤᠯᠪᠠ᠃ ᠪᠡᠯᠴᠢᠭᠡᠷ ᠰᠡᠷᠭᠦᠭᠡᠭᠦ ᠬᠠᠮᠢᠶ᠎ᠠ ᠪᠦᠭᠦᠢ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠶᠢᠨ ᠲᠤᠯᠠᠳᠠ᠂ ᠡᠳᠦᠭᠡ ᠲᠤᠤᠷᠠᠬᠢ ᠵᠤᠶᠢᠯᠠᠰ ᠢ ᠵᠠᠷᠯᠠᠶ᠎ᠠ᠃      ᠨᠢᠭᠡ᠂ ᠪᠡᠯᠴᠢᠭᠡᠷ ᠰᠡᠷᠭᠦᠭᠡᠭᠦ ᠭᠦᠷᠢᠶ᠎ᠡ ᠭᠡᠪᠴᠢᠶ᠎ᠠ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠤᠳᠣᠯᠭ᠎ᠠ ᠲᠠᠢ ᠤᠶᠠᠯᠳᠤᠭᠤᠯᠤᠨ᠂  ᠪᠦᠭᠦ ᠬᠤᠰᠢᠭᠤᠨ ᠤ 7 ᠰᠤᠮᠤ ᠪᠠᠯᠭᠠᠰᠤᠨ ᠤ 93 ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠤ 2637.34 ᠳᠦᠮᠡᠨ ᠮᠦ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠭᠦ ᠠᠵᠢᠯ ᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠦᠭᠡᠷ᠂ ᠬᠤᠨᠢ᠂ ᠢᠮᠠᠭ᠎ᠠ ᠎ ᠶᠢ ᠴᠦᠮ ᠪᠡᠯᠴᠢᠭᠡᠷᠯᠡᠭᠦᠯᠵᠤ ᠪᠤᠯᠬᠤ ᠦᠭᠡᠢ ︵ᠮᠣᠷᠢ᠂ ᠳᠡᠮᠡᠭᠡ ᠲᠤᠰ ᠬᠦᠷᠢᠶ᠎ᠡ ᠬᠡᠪᠴᠢᠶᠡᠨ ᠳᠤ   ᠪᠠᠭᠲᠠᠬᠤ ᠦᠭᠡᠢ︶᠃    ᠬᠤᠶᠠᠷ᠂ ᠪᠡᠯᠴᠢᠭᠡᠷ ᠰᠡᠷᠭᠦᠭᠡᠭᠦ ᠴᠠᠭ ᠬᠤᠭᠤᠴᠠᠭ᠎ᠠ    ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠳᠦᠷᠦᠯ ᠬᠡᠯᠪᠡᠷᠢ᠂ ᠬᠤᠷ᠎ᠠ ᠲᠤᠨᠤᠳᠠᠰᠤᠨ ᠤ ᠬᠡᠮᠵᠢᠶ᠎ᠡ᠂ ᠠᠭᠤᠷ ᠠᠮᠢᠰᠬᠤᠯ ᠵᠢᠴᠢ ᠡᠪᠡᠰᠦᠨ ᠤ ᠤᠷᠭᠤᠯᠲᠠ ᠶᠢᠨ ᠤᠨᠴᠠᠯᠢᠭ ᠵᠡᠷᠭᠡ ᠪᠠᠶᠢᠳᠠᠯ ᠲᠠᠢ  ᠤᠶᠠᠯᠳᠤᠭᠤᠯᠤᠨ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠤ ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ ᠶᠢ 4 ᠰᠠᠷ᠎ᠠ ᠎ ᠶᠢᠨ 5᠎ ᠤ ᠡᠳᠦᠷ ᠠᠴᠠ 5 ᠰᠠᠷ᠎ᠠ ᠶᠢᠨ 19᠎ ᠤ ᠡᠳᠦᠷ ᠪᠤᠯᠲᠠᠯ᠎ᠠ᠂ ᠨᠠᠶᠢᠳᠠ 45 ᠡᠳᠦᠷ ᠬᠡᠷᠡᠭᠵᠢᠬᠦᠯᠬᠦ ᠪᠠᠷ ᠲᠤᠭᠲᠠᠪᠠ᠃    ᠭᠤᠷᠪᠠ᠂ ᠪᠡᠯᠴᠢᠭᠡᠷ ᠰᠡᠷᠭᠦᠭᠡᠭᠦ ᠨᠦᠭᠦᠪᠤᠷᠢ ᠶᠢᠨ ᠪᠠᠷᠢᠮᠵᠢᠶ᠎ᠡ    ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠤᠨ ᠪᠤᠳᠠᠳᠤ ᠦᠷ᠎ᠠ ᠠᠰᠢᠭ ᠤᠯᠬᠤ ᠶᠢ ᠪᠠᠳᠤᠯᠠᠬᠤ ᠎ ᠶᠢᠨ ᠲᠤᠯᠠᠳᠠ᠂ ᠪᠡᠯᠴᠢᠭᠡᠷ ᠰᠡᠷᠭᠦᠭᠡᠬᠦ ᠶᠢ ᠬᠡᠷᠡᠭᠵᠢᠬᠦᠯᠦᠭᠰᠡᠨ ᠮᠠᠯᠵᠢᠬᠤ ᠡᠷᠦᠭᠡ ᠳᠤ ᠪᠡᠯᠴᠢᠭᠡᠷ ᠰᠡᠷᠭᠦᠭᠡᠭᠰᠡᠨ ᠨᠤᠲᠤᠭ ᠪᠡᠯᠴᠢᠭᠡᠷ ᠤᠨ ᠲᠠᠯᠠᠪᠠᠶ ᠪᠠᠷ ᠨᠥᠬᠦᠪᠥᠷᠢ ᠣᠯᠭᠤᠵᠦ᠂ ᠨᠦᠬᠦᠪᠦᠷᠢ ᠶᠢᠨ ᠪᠠᠷᠢᠮᠵᠢᠶ᠎ᠠ ᠨᠢ ᠮᠦ ᠪᠦᠷᠢ 1.125 ᠲᠥᠭᠦᠷᠢᠭ ᠪᠤᠯᠤᠨ᠎ᠠ᠃ ᠭᠦᠮᠦᠨ ᠪᠦᠷᠢ ᠶᠢᠨ ᠲᠠᠭᠠᠭᠠᠴᠢᠯᠠᠭᠰᠠᠨ ᠨᠤᠳᠤᠭ ᠪᠡᠯᠴᠢᠭᠡᠷ ᠤᠨ ᠲᠠᠯᠠᠪᠠᠢ ᠨᠢ 300 ᠮᠤ᠋ ᠎ ᠳᠤ ᠭᠦᠷᠭᠦ ᠦᠭᠡᠢ ᠪᠤᠯ 300 ᠮᠤ᠋ ᠪᠠᠷ ᠪᠤᠳᠤᠵᠤ ᠪᠡᠯᠴᠢᠭᠡᠷ ᠰᠡᠷᠭᠦᠭᠡᠭᠦ ᠨᠦᠭᠦᠪᠤᠷᠢ ᠤᠯᠭᠤᠨ᠎ᠠ᠃    ᠲᠦᠷᠪᠡ᠂ ᠮᠠᠯ ᠤᠨ ᠬᠦᠳᠡᠯᠭᠡᠭᠡᠨ ᠤ ᠲᠠᠯᠠᠪᠠᠢ ᠲᠤᠬᠢᠷᠠᠭᠤᠯᠬᠤ    ᠮᠠᠯᠵᠢᠬᠤ ᠡᠷᠦᠬᠡ ᠳᠤ ᠬᠢᠨᠠᠨ ᠲᠣᠭᠲᠠᠭᠠᠭᠰᠠᠨ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠬᠤᠨᠢ ᠪᠦᠷᠢ ᠶᠢᠨ ᠬᠦᠳᠡᠯᠭᠡᠭᠡᠨ ᠤ ᠲᠠᠯᠠᠪᠠᠢ ᠶᠢ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ ︵ᠨᠢᠭᠡ ᠦᠬᠡᠷ ᠢ 5 ᠬᠤᠨᠢᠴᠢᠯᠠᠭᠰᠠᠨ ᠨᠢᠭᠡᠴᠢ ᠪᠠᠷ ᠪᠤᠳᠤᠵᠤ᠂ 100 ᠲᠡᠭᠰᠢ ᠳᠥᠷᠪᠡᠯᠵᠢᠨ ᠮᠧᠲᠷ ᠠᠴᠠ ᠭᠡᠳᠦᠷᠡᠭᠦᠯᠵᠦ ᠪᠣᠯᠬᠤ ᠦᠭᠡᠢ︶᠂ ᠬᠦᠳᠡᠯᠭᠡᠭᠡᠨ ᠤ ᠲᠠᠯᠠᠪᠠᠢ ᠶᠢ ᠮᠠᠯ ᠤᠨ ᠫᠧᠩ ᠬᠤᠷᠤᠭ᠎ᠠ ᠶᠢᠨ ᠤᠶᠢᠷ᠎ᠠ ᠬᠠᠪᠢ ᠳᠤ ᠲᠤᠬᠢᠷᠠᠭᠤᠯᠬᠤ ᠶᠢᠨ ᠬᠠᠮᠲᠤ ᠫᠠᠶᠢᠰᠠ ᠢᠯᠡᠷᠬᠡᠶᠢᠯᠡᠯ ᠡᠯᠬᠦᠵᠦ ᠲᠤᠳᠤᠷᠬᠠᠶᠢᠯᠠᠬᠤ ᠬᠡᠷᠡᠭᠲᠡᠢ᠃ ᠮᠠᠨ ᠤ ᠬᠤᠰᠢᠭᠤᠨ ᠤ ᠮᠠᠯ ᠠᠵᠤ ᠠᠬᠤᠢ ᠶᠢᠨ ᠰᠠᠭᠠᠬ᠎ᠠ ᠲᠠᠯᠪᠢᠬᠤ ᠵᠡᠷᠭᠡ ᠪᠤᠳᠠᠳᠠᠢ ᠬᠡᠷᠡᠭᠴᠡᠭᠡ ᠱᠠᠭᠠᠷᠳᠠᠯᠭ᠎ᠠ ᠎ ᠲᠠᠢ ᠤᠶᠠᠯᠳᠤᠭᠤᠯᠤᠨ᠂ ᠰᠠᠭᠠᠬ᠎ᠠ ᠲᠠᠯᠪᠢᠬᠤ ᠬᠦᠳᠡᠯᠭᠡᠭᠡᠨ ᠤ ᠲᠠᠯᠠᠪᠠᠢ ᠲᠤᠬᠢᠷᠠᠭᠤᠯᠵᠦ ᠪᠤᠯᠤᠨ᠎ᠠ᠂ ᠬᠤᠷᠠᠭ᠎ᠠ ᠲᠠᠢ ᠬᠤᠨᠢ ︵ᠡᠬᠡ ᠮᠠᠯ ᠪᠠ ᠬᠤᠷᠠᠭ᠎ᠠ︶ ᠪᠦᠷᠢ ᠶᠢᠨ ᠬᠦᠳᠡᠯᠭᠡᠭᠡᠨ ᠤ ᠲᠠᠯᠠᠪᠠᠢ ᠶᠢ 0.5 ᠮᠦ ᠠᠴᠠ ᠬᠡᠳᠦᠷᠡᠭᠦᠯᠵᠦ ᠪᠣᠯᠬᠤ ᠦᠭᠡᠢ᠃ ᠡᠳᠦᠷ ᠪᠦᠷᠢ ᠶᠢᠨ ᠦᠳᠡ ᠶᠢᠨ ᠡᠮᠦᠨ᠎ᠡ 8᠄ 00—10᠄ 00᠂ ᠦᠳᠡ ᠶᠢᠨ ᠬᠤᠶᠢᠨ᠎ᠠ      15᠄ 00 —17᠄ 00 ᠴᠠᠭ ᠲᠤ ᠰᠠᠭᠠᠬ᠎ᠠ ᠲᠠᠯᠪᠢᠵᠦ ᠪᠤᠯᠤᠨ᠎ᠠ᠃ ᠰᠠᠭᠠᠬ᠎ᠠ ᠲᠠᠯᠪᠢᠬᠤ ᠴᠠᠭ ᠢ ᠴᠢᠩᠭ᠎ᠠ ᠪᠠᠷᠢᠮᠳᠠᠯᠠᠬᠤ ᠬᠡᠷᠡᠭᠳᠡᠢ᠃ ᠬᠦᠳᠡᠯᠭᠡᠭᠡᠨ ᠤ ᠲᠠᠯᠠᠪᠠᠢ ᠶᠢᠨ ᠳᠥᠷᠪᠡᠨ ᠵᠠᠬ᠎ᠠ ᠶᠢᠨ ᠵᠠᠭᠠᠭ ᠱᠤᠭᠤᠮ᠂ ᠮᠠᠯ ᠤᠰᠤᠯᠠᠬᠤ ᠵᠠᠮ ᠢ ᠵᠦᠢ ᠵᠤᠬᠢᠰᠳᠠᠢ ᠳᠤᠬᠢᠷᠠᠭᠤᠯᠬᠤ ᠶᠢᠨ ᠬᠠᠮᠳᠤ ᠫᠠᠶᠢᠰᠠ ᠢᠯᠡᠷᠬᠡᠶᠢᠯᠡᠯ ᠢᠶᠠᠷ ᠳᠤᠳᠤᠷᠬᠠᠶᠢᠯᠠᠬᠤ ᠬᠡᠷᠡᠭᠳᠡᠢ᠃     ᠲᠠᠪᠤ᠂ ᠬᠤᠯᠪᠤᠭᠳᠠᠯ ᠪᠦᠭᠦᠢ ᠱᠠᠭᠠᠷᠳᠠᠯᠭ᠎ᠠ     ︵ᠨᠢᠭᠡ︶ ᠪᠡᠯᠴᠢᠭᠡᠷ ᠰᠡᠷᠭᠦᠭᠡᠭᠦ ᠬᠤᠭᠤᠴᠠᠭᠠᠨ ᠳᠤ ᠪᠦᠬᠦ ᠬᠤᠰᠢᠭᠤᠨ ᠤ ᠬᠡᠪᠴᠢᠶᠡᠨ ᠳᠤ ᠪᠦᠬᠦ ᠲᠠᠯ᠎ᠠ ᠪᠠᠷ ᠪᠡᠯᠴᠢᠭᠡᠷᠯᠡᠭᠦᠯᠭᠦ ᠶᠢ ᠴᠠᠭᠠᠵᠠᠯᠠᠨ᠎ᠠ᠃ ᠮᠠᠯᠵᠢᠬᠤ ᠡᠷᠦᠭᠡ ᠨᠢ ᠡᠯ᠎ᠡ ᠲᠦᠷᠦᠯ ᠤᠨ ᠪᠡᠯᠡᠳᠭᠡᠯ ᠠᠵᠢᠯ ᠢᠶᠠᠨ ᠰᠠᠶᠢᠳᠤᠷ ᠬᠢᠵᠤ᠂ ᠳᠡᠭᠡᠳᠦ ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤ᠂ ᠭᠠᠴᠠᠭᠠᠨ ᠤ ᠬᠢᠨᠠᠯᠳᠠ ᠬᠠᠮᠢᠶᠠᠷᠤᠯᠳᠠ ᠶᠢ ᠤᠬᠠᠮᠰᠠᠷ ᠠᠴᠠ ᠪᠠᠨ ᠭᠦᠯᠢᠶᠡᠭᠦ ᠭᠡᠷᠡᠭᠲᠡᠢ᠃     ︵ᠬᠤᠶᠠᠷ︶ ᠡᠯ᠎ᠡ ᠰᠤᠮᠤ ᠪᠠᠯᠭᠠᠰᠤ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠡᠷᠦᠭᠡ ᠶᠢ ᠵᠢᠯᠤᠭᠤᠳᠤᠨ᠂ ᠮᠠᠯ ᠤᠨ ᠬᠦᠳᠡᠯᠭᠡᠭᠡᠨ ᠤ ᠲᠠᠯᠠᠪᠠᠢ᠂ ᠮᠠᠯ ᠤᠰᠤᠯᠠᠬᠤ ᠵᠠᠮ᠂ ᠫᠠᠶᠢᠰᠠ ᠢᠯᠡᠷᠬᠡᠶᠢᠯᠡᠯ ︵ᠫᠠᠶᠢᠰᠠ ᠢᠯᠡᠷᠭᠡᠶᠢᠯᠡᠯ ᠳᠤ ᠮᠠᠯᠵᠢᠬᠤ ᠡᠷᠦᠬᠡ ᠶᠢᠨ ᠨᠡᠷ᠎ᠡ᠂ ᠳᠦᠷᠪᠡᠨ ᠵᠠᠬ᠎ᠠ ᠶᠢᠨ ᠵᠠᠭᠠᠭ ᠱᠤᠭᠤᠮ᠂ ᠨᠤᠲᠤᠭ ᠪᠡᠯᠴᠢᠭᠡᠷ ᠤᠨ ᠲᠠᠯᠠᠪᠠᠢ᠂ ᠮᠠᠯ ᠰᠦᠷᠦᠭ ᠤᠨ ᠲᠤᠭ᠎ᠠ ᠵᠡᠷᠭᠡ ᠶᠢ ᠲᠤᠳᠤᠷᠬᠠᠶᠢᠯᠠᠨ᠎ᠠ︶ ᠵᠡᠷᠭᠡ ᠶᠢ ᠵᠤᠬᠢᠰᠳᠠᠢ ᠲᠤᠬᠢᠷᠠᠭᠤᠯᠤᠨ᠎ᠠ᠃ ᠭᠠᠴᠠᠭ᠎ᠠ ᠶᠢ ᠵᠤᠬᠢᠶᠠᠨ ᠪᠠᠶᠢᠭᠤᠯᠤᠨ ᠮᠠᠯᠵᠢᠬᠤ ᠡᠷᠦᠬᠡ ᠲᠠᠢ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠤᠭᠲᠠᠵᠦ᠂ ᠭᠠᠴᠠᠭᠠᠨ ᠤ ︽ᠡᠭᠦᠷ ᠵᠥᠪᠯᠡᠯ︾᠎ ᠢ ᠬᠠᠪᠰᠤᠷᠤᠨ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠨᠥᠭᠡᠴᠡᠯᠡᠵᠦ ᠪᠠᠶᠢᠭ᠎ᠠ ᠪᠠᠶᠢᠳᠠᠯ ᠢ ᠤᠷᠢᠳᠴᠢᠯᠠᠨ ᠤᠶᠢᠯᠠᠭᠠᠵᠦ ᠮᠡᠳᠡᠬᠦ ᠶᠢᠨ ᠬᠠᠮᠲᠤ ᠡᠪᠡᠰᠤ ᠪᠤᠷᠳᠤᠭ᠎ᠠ ᠲᠤᠳᠠᠭᠳᠠᠵᠤ ᠪᠠᠶᠢᠭ᠎ᠠ ᠮᠠᠯᠵᠢᠬᠤ ᠡᠷᠦᠬᠡ ᠶᠢ ᠬᠠᠪᠰᠤᠷᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠡᠯᠴᠢᠭᠡᠷ ᠰᠡᠷᠭᠦᠭᠡᠭᠦ ᠬᠤᠭᠤᠴᠠᠭᠠᠨ ᠤ ᠮᠠᠯ ᠤᠨ ᠡᠪᠡᠰᠦ ᠪᠤᠷᠳᠤᠭ᠎ᠠ ᠭᠦᠢᠴᠡᠳ ᠬᠠᠩᠭᠠᠮᠵᠢᠳᠠᠢ ᠪᠠᠶᠢᠬᠤ ᠶᠢ ᠪᠠᠳᠤᠯᠠᠬᠤ ᠭᠡᠷᠡᠭᠲᠡᠢ᠃     ︵ᠭᠤᠷᠪᠠ︶ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠨᠢ ᠡᠯ᠎ᠡ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠲᠤᠪᠴᠢᠶᠠᠨ ᠤ ᠲᠤᠬᠠᠶᠢᠯᠠᠭᠰᠠᠨ ᠠᠵᠢᠯ ᠢ ᠰᠠᠶᠢᠳᠤᠷ ᠵᠢᠯᠤᠭᠤᠳᠴᠦ᠂ ᠪᠡᠯᠴᠢᠭᠡᠷ ᠰᠡᠷᠭᠦᠭᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠭᠦᠷᠭᠡ ᠴᠢᠳᠠᠪᠬᠢ ᠶᠢ ᠪᠠᠳᠠᠷᠠᠭᠤᠯᠤᠨ᠂ ᠵᠤᠬᠢᠶᠠᠨ ᠪᠠᠶᠢᠭᠤᠯᠵᠦ ᠵᠤᠬᠢᠴᠠᠭᠤᠯᠬᠤ᠂ ᠤᠬᠠᠭᠤᠯᠬᠤ᠂ ᠬᠢᠨᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠳᠤᠷ ᠬᠢᠬᠦ ᠬᠡᠷᠡᠭᠳᠡᠢ᠃ ᠬᠤᠰᠢᠭᠤ ᠲᠠᠷᠢᠶᠠᠯᠠᠩ ᠮᠠᠯ ᠠᠵᠦ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠮᠡᠷᠭᠡᠵᠢᠯ ᠤᠨ ᠵᠢᠯᠣᠭᠤᠳᠣᠯᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠃ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ ᠪᠡᠯᠡ ᠮᠥᠩᠭᠦ ᠶᠢ ᠬᠠᠮᠢᠶᠠᠷᠬᠤ ᠪᠠ ᠲᠠᠷᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠮᠠᠯ ᠤᠨ ᠤᠤᠭᠤᠬᠤ ᠤᠰᠤᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ ᠬᠠᠮ ᠵᠠᠭᠤᠴᠢᠯᠠᠭᠤᠷ ᠤᠨ ᠲᠥᠪ ᠨᠢ ᠪᠡᠯᠴᠢᠭᠡᠷ ᠰᠡᠷᠭᠦᠭᠡᠬᠦ ᠤᠬᠠᠭᠤᠯᠭ᠎ᠠ ᠶᠢᠨ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃    ︵ᠲᠦᠷᠪᠡ︶ ᠡᠯ᠎ᠡ ᠰᠤᠮᠤ ᠪᠠᠯᠭᠠᠰᠤᠨ ᠤ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠲᠤᠪᠴᠢᠶ᠎ᠠ ᠨᠢ ᠬᠠᠤᠯᠢ ᠬᠡᠷᠡᠭᠵᠢᠬᠦᠯᠬᠦ ᠳᠤᠭᠤᠷᠢᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠳᠬᠠᠵᠤ᠂ ᠳᠠᠯᠳᠠᠭᠤᠷ ᠪᠡᠯᠴᠢᠭᠡᠷᠯᠡᠬᠦᠯᠬᠦ᠂ ︽ᠡᠳᠦᠷ ᠬᠠᠰᠢᠶᠠᠯᠠᠵᠦ ᠰᠦᠨᠢ ᠪᠡᠯᠴᠢᠭᠡᠷᠯᠡᠬᠦᠯᠬᠦ︾ ᠵᠡᠷᠭᠡ ᠳᠤᠭᠲᠠᠭᠠᠯ ᠢ ᠵᠦᠷᠢᠴᠡᠵᠦ ᠪᠡᠯᠴᠢᠭᠡᠷᠯᠡᠬᠦᠯᠦᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠴᠦ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠢ ᠦᠨᠳᠦᠰᠦᠯᠡᠨ ᠬᠠᠤᠯᠢ ᠶᠤᠰᠤᠭᠠᠷ ᠴᠢᠩᠭ᠎ᠠ ᠰᠢᠶᠳᠪᠦᠷᠢᠯᠡᠬᠦ ᠬᠡᠷᠡᠭᠳᠡᠢ᠃ ᠪᠡᠯᠴᠢᠭᠡᠷ ᠰᠡᠷᠭᠦᠭᠡᠬᠦ ᠠᠵᠢᠯ ᠲᠠᠭᠤᠰᠤᠭᠰᠠᠨ ᠤ ᠳᠠᠷᠠᠭ᠎ᠠ᠂ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠬᠡ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ︽ᠨᠢᠭᠡ ᠺᠠᠷᠲ ᠢᠶᠠᠷ ᠲᠠᠷᠬᠠᠭᠠᠬᠤ︾ ᠬᠡᠯᠪᠡᠷᠢ ᠪᠠᠷ ᠪᠡᠯᠴᠢᠭᠡᠷ ᠰᠡᠷᠭᠦᠭᠡᠬᠦ ᠨᠥᠬᠦᠪᠦᠷᠢ ᠣᠯᠭᠤᠨ᠎ᠠ᠃ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠲᠣᠭᠲᠠᠭᠠᠯ ᠠᠴᠠ ᠵᠥᠷᠢᠴᠡᠨ  ᠪᠡᠯᠴᠢᠭᠡᠷᠯᠡᠬᠦᠯᠦᠭᠰᠡᠨ ᠦᠶᠯᠡ ᠠᠵᠢᠯᠯᠠᠭ᠎ᠠ ᠲᠠᠢ ᠮᠠᠯᠵᠢᠬᠤ ᠡᠷᠦᠬᠡ ᠶᠢᠨ ᠪᠡᠯᠴᠢᠭᠡᠷ ᠰᠡᠷᠭᠦᠭᠡᠬᠦ ᠨᠥᠬᠦᠪᠦᠷᠢ ᠶᠢ ᠨᠢ ᠬᠠᠰᠤᠬᠤ ᠮᠦᠷᠳᠡᠭᠡᠨ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃     ︵ᠲᠠᠪᠤ︶ ᠢᠯᠡᠴᠢᠯᠠᠨ ᠮᠡᠳᠡᠭᠦᠯᠭᠦ ᠲᠦᠷᠢᠮ ᠢ ᠭᠡᠷᠡᠭᠵᠢᠭᠦᠯᠵᠤ᠂ ᠵᠠᠰᠠᠭ ᠵᠠᠬᠢᠷᠭᠠᠨ ᠤ ᠬᠠᠤᠯᠢ ᠭᠡᠷᠡᠭᠵᠢᠭᠦᠯᠭᠦ ᠬᠢᠨᠠᠯᠳᠠ᠂ ᠭᠡᠷᠡᠭᠵᠢᠭᠦᠯᠭᠦ ᠭᠤᠤᠯ ᠴᠤᠭᠴᠠ ᠶᠢᠨ ᠬᠢᠨᠠᠯᠳᠠ᠂ ᠨᠡᠶᠢᠭᠡᠮ ᠤᠨ ᠬᠢᠨᠠᠯᠳᠠ᠂ ᠤᠯᠠᠨ ᠲᠦᠮᠡᠨ ᠤ ᠬᠢᠨᠠᠯᠳᠠ ᠵᠡᠷᠭᠡ ᠬᠢᠨᠠᠨ ᠬᠠᠮᠢᠶᠠᠷᠬᠤ ᠠᠵᠢᠯ ᠤᠨ ᠨᠡᠶᠢᠯᠡᠮᠡᠯ ᠭᠦᠴᠦᠨ ᠢ ᠪᠠᠶᠢᠭᠤᠯᠤᠨ᠎ᠠ᠃ ᠨᠡᠶᠢᠭᠡᠮ ᠤᠨ ᠡᠯ᠎ᠡ ᠡᠳᠡᠭᠡᠳ ᠠᠴᠠ ᠬᠢᠨᠠᠯᠳᠠ ᠲᠠᠯᠪᠢᠵᠤ᠂ ᠲᠤᠭᠲᠠᠭᠠᠯ ᠢ ᠵᠦᠷᠢᠴᠡᠨ ᠪᠡᠯᠴᠢᠭᠡᠷᠯᠡᠬᠦᠯᠦᠭᠰᠡᠨ ᠠᠵᠢᠯᠯᠠᠭ᠎ᠠ ᠶᠢ ᠢᠳᠡᠪᠬᠢᠳᠡᠢ ᠪᠠᠷ ᠢᠯᠡᠴᠢᠯᠡᠨ ᠮᠡᠳᠡᠭᠦᠯᠭᠦ ᠶᠢ ᠭᠦᠰᠡᠵᠤ ᠪᠠᠶᠢᠨ᠎ᠠ᠃    24 ᠴᠠᠭ ᠤᠨ ᠢᠯᠡᠴᠢᠯᠡᠨ ᠮᠡᠳᠡᠭᠦᠯᠭᠦ ᠤᠳᠠᠰᠤ᠄    ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ᠄  0479—3954565    ᠪᠠᠶᠠᠨᠬᠤᠸᠠ ᠪᠠᠯᠭᠠᠰᠤ᠄  ᠬᠠᠢ ᠱᠠᠨ 13614896268    ᠬᠤᠭᠤᠯᠠᠳᠤ ᠶᠢᠨ ᠭᠤᠣᠯ ᠪᠠᠯᠭᠠᠰᠤ᠄  ᠢᠪᠡᠭᠡᠯ 13947947755    ᠵᠢᠷ ᠤᠨ ᠭᠤᠣᠯ ᠪᠠᠯᠭᠠᠰᠤ᠄  ᠠᠯᠳᠠᠨᠪᠠᠭᠠᠨ᠎ᠠ 15047930076    ᠪᠠᠶᠠᠨᠬᠤᠰᠢᠭᠤ ᠰᠤᠮᠤ᠄  ᠰᠡᠷᠭᠦᠯᠡᠩ 13474793103    ᠭᠤᠷᠤᠬᠠᠨ ᠪᠠᠯᠭᠠᠰᠤ᠄   ᠸᠠᠩ ᡁᠢ ᠶᠦᠩ 15249574545    ᠤᠯᠠᠭᠠᠨᠬᠠᠭᠠᠯᠭ᠎ᠠ ᠰᠤᠮᠤ᠄  ᠬᠠᠰᠴᠢᠯᠠᠭᠤ  13947984486                      ᠡᠭᠦᠨ ᠤ ᠲᠤᠯᠠᠳᠠ ᠤᠨᠴᠠᠭᠠᠶᠢᠯᠠᠨ ᠵᠠᠷᠯᠠᠪᠠ                                                                       ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                       2024 ᠤᠨ ᠤ 3 ᠰᠠᠷ᠎ᠠ ᠶᠢᠨ 7᠎ ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号