ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2024/3/11
    ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠶᠠᠪᠤᠳᠠᠯ ᠤᠨ ᠠᠵᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠰᠢᠯᠵᠢᠭᠦᠯᠦᠨ ᠲᠣᠬᠢᠷᠠᠭᠤᠯᠵᠤ ᠬᠠᠮᠢᠶᠠᠷᠬᠤ ᠶᠢ ᠬᠠᠷᠢᠭᠤᠴᠠᠨ᠎ᠠ᠃      ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠬᠢᠷᠠᠭᠤᠯᠤᠨ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠪᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ   ᠠᠬᠢᠭᠤᠯᠵᠤ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ ᠵᠠᠰᠠᠭ ᠤᠨ ᠣᠷᠳᠣᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠣᠨ ᠢᠶᠠᠷ  ᠲᠣᠭᠲᠠᠭᠠᠵᠤ  ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠭᠦᠷᠭᠡ ᠳᠤ ᠬᠠᠷᠢᠭᠤᠴᠠᠯᠭ᠎ᠠ ᠶᠢᠨ ᠵᠠᠳᠠᠯᠤᠯᠲᠠ  ᠬᠢᠵᠦ᠂ ᠠᠵᠢᠯ ᠤᠨ  ᠬᠠᠷᠠᠯᠲᠠ᠂ ᠠᠷᠭ᠎ᠠ ᠬᠡᠮᠵᠢᠶ᠎ᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃ ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠬᠠᠮᠢᠶ᠎ᠠ ᠪᠦᠬᠦᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号