ᠥᠮᠡᠨ ᠨᠢ 4 ᠲᠥᠷᠥᠯ ᠤᠨ ᠢᠳᠡᠭᠡᠨ ᠠᠴᠠ ᠠᠶᠤᠳᠠᠭ ᠪᠣᠯᠬᠤᠷ ᠡᠳᠡᠭᠡᠷ ᠢᠳᠡᠭᠡᠨ ᠢ ᠢᠯᠡᠭᠦᠬᠡᠨ ᠢᠳᠡᠪᠡᠯ ᠵᠣᠬᠢᠨ᠎ᠠ︕
ᠨᠡᠶᠢᠲᠡᠯᠡᠭᠰᠡᠨ ᠴᠠᠭ᠄
2024/3/11
     1. ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠬᠡᠨ ᠢᠳᠡᠪᠡᠯ ᠰᠠᠶᠢᠨ          ᠰᠢᠨ᠎ᠡ ᠰᠣᠷᠭᠤᠭ ᠢᠳᠡᠰᠢᠨ ᠨᠣᠭᠤᠭ᠎ᠠ ᠵᠢᠮᠢᠰ ᠨᠢ ᠬᠥᠮᠥᠨ ᠤ ᠪᠡᠶ᠎ᠡ ᠳᠤ ᠮᠠᠰᠢ ᠣᠯᠠᠨ ᠠᠰᠢᠭᠲᠠᠢ ᠲᠠᠯ᠎ᠠ ᠲᠠᠢ ᠪᠠᠶᠢᠳᠠᠭ᠂ ᠲᠡᠷᠡ ᠨᠢ ᠪᠡᠶ᠎ᠡ ᠮᠠᠬᠠᠪᠤᠳ ᠲᠤ ᠬᠡᠷᠡᠭᠰᠡᠬᠦ ᠰᠢᠮ᠎ᠡ ᠲᠡᠵᠢᠭᠡᠯ ᠢ ᠨᠥᠬᠦᠪᠦᠷᠢᠯᠡᠬᠦ ᠠᠴᠠ ᠭᠠᠳᠠᠨ᠎ᠠ᠂ ᠥᠮᠡᠨ ᠢ ᠰᠡᠷᠭᠡᠶᠢᠯᠡᠬᠦ ᠲᠠᠯ᠎ᠠ ᠪᠠᠷ ᠴᠤ ᠮᠠᠰᠢ ᠶᠡᠭᠡ ᠦᠢᠯᠡᠳᠦᠯ ᠦᠵᠡᠭᠦᠯᠳᠡᠭ᠃         2.ᠭᠤᠣᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠭᠦᠦ ᠢᠳᠡᠪᠡᠯ ᠰᠠᠶᠢᠨ     ᠪᠢᠳᠡ ᠨᠠᠷᠢᠯᠢᠭ ᠲᠤᠲᠤᠷᠭ᠎ᠠ ᠶᠢ ᠪᠠᠭ᠎ᠠ ᠢᠳᠡᠵᠦ᠂ ᠭᠤᠣᠯ ᠢᠳᠡᠭᠡᠨ ᠳᠡᠭᠡᠨ ᠡᠯᠳᠡᠪ ᠠᠮᠤ ᠪᠤᠳᠠᠭ᠎ᠠ ᠶᠢ ᠢᠯᠡᠭᠦᠦ ᠢᠳᠡᠬᠦ ᠶᠢ ᠤᠯᠠᠨ ᠳᠤ ᠰᠠᠨᠠᠭᠤᠯᠤᠶ᠎ᠠ᠃ ᠤᠴᠢᠷ ᠨᠢ ᠨᠠᠷᠢᠯᠢᠭ ᠲᠤᠲᠤᠷᠭ᠎ᠠ ᠶᠢᠨ ᠭᠤᠯᠢᠷ ᠲᠠᠢ ᠬᠠᠷᠢᠴᠠᠭᠤᠯᠪᠠᠯ᠂ ᠡᠯᠳᠡᠪ ᠠᠮᠤ ᠪᠤᠳᠠᠭ᠎ᠠ ᠳᠤ ᠨᠡᠩ ᠠᠷᠪᠢᠨ ᠢᠳᠡᠭᠡᠨ ᠤ ᠰᠢᠷᠬᠡᠭᠯᠢᠭ᠂ B ᠲᠥᠷᠥᠯ ᠤᠨ ᠸᠢᠲ᠋ᠠᠮᠢᠨ ᠵᠢᠴᠢ ᠡᠷᠦᠳᠡᠰᠦ ᠠᠭᠤᠯᠤᠭᠳᠠᠵᠤ ᠪᠠᠶᠢᠬᠤ ᠪᠥᠭᠡᠳ ᠪᠠᠰᠠ ᠬᠤᠭᠤᠯᠠᠨ ᠤ ᠳᠠᠷᠠᠭᠠᠬᠢ ᠴᠢᠰᠤᠨ ᠰᠢᠬᠢᠷ ᠢ ᠲᠣᠭᠲᠠᠪᠤᠷᠢᠵᠢᠭᠤᠯᠵᠤ᠂ ᠡᠷᠡᠭᠦᠯ ᠮᠡᠨᠳᠦ ᠳᠤ ᠨᠡᠩ ᠠᠰᠢᠭᠲᠠᠢ ᠪᠠᠶᠢᠳᠠᠭ᠃             3.ᠡᠳᠦᠷ ᠪᠦᠷᠢ ᠪᠤᠷᠴᠠᠭ ᠤᠨ ᠢᠳᠡᠭᠡᠨ ᠢᠳᠡᠪᠡᠯ ᠰᠠᠶᠢᠨ         25 ᠭᠷᠡᠮ ᠰᠢᠷ᠎ᠠ ᠪᠤᠷᠴᠠᠭ ᠨᠢ ᠨᠢᠳᠤᠷᠭ᠎ᠠ ᠶᠢᠨ ᠴᠢᠨᠡᠭᠡᠨ ᠤᠮᠠᠷᠠᠲᠤ ᠶᠢᠨ ᠳ᠋ᠧᠦᠹᠦ᠋ ᠪᠤᠶᠤ ᠬᠠᠭᠠᠰ ᠬᠠᠶᠢᠷᠴᠠᠭ ᠡᠮᠦᠨᠡᠲᠦ ᠶᠢᠨ ᠳ᠋ᠧᠦᠹᠦ᠋ ᠪᠠ ᠨᠢᠳᠤᠷᠭ᠎ᠠ ᠶᠢᠨ ᠴᠢᠨᠡᠭᠡᠨ ᠳ᠋ᠧᠦᠹᠦ᠋ ᠶᠢᠨ ᠰᠢᠷᠬᠡᠭᠯᠢᠭ ᠪᠤᠶᠤ 2 ᠬᠡᠰᠡᠭ ᠬᠠᠲᠠᠭᠠᠮᠠᠯ ᠳ᠋ᠧᠦᠹᠦ᠋ ᠲᠠᠢ ᠲᠡᠩᠴᠡᠨ᠎ᠡ᠃ ᠪᠤᠷᠴᠠᠭ ᠤᠨ ᠢᠳᠡᠭᠡᠨ ᠢ ᠰᠠᠶᠢᠲᠤᠷ ᠢᠳᠡᠪᠡᠯ ᠬᠥᠬᠦᠨ ᠪᠤᠯᠴᠢᠷᠬᠠᠢ ᠶᠢᠨ ᠥᠮᠡᠨ ᠤ ᠲᠦᠭᠰᠢᠭᠦᠷᠢ ᠶᠢ ᠪᠠᠭᠠᠰᠬᠠᠨ᠎ᠠ᠃               4.ᠦᠷᠭᠦᠯᠵᠢ ᠴᠠᠢ ᠤᠤᠭᠤᠪᠠᠯ ᠰᠠᠶᠢᠨ         ᠴᠠᠢ ᠶᠢᠨ ᠳᠣᠲᠣᠷ᠎ᠠ ᠢᠰᠦᠯᠳᠦᠬᠦ ᠶᠢ ᠡᠰᠡᠷᠭᠦᠴᠡᠬᠦ ᠪᠦᠷᠢᠯᠳᠦᠭᠦᠨ ᠲᠠᠢ ᠴᠠᠢ ᠶᠢᠨ ᠣᠯᠠᠨ ᠹᠧᠨᠣᠯ ᠠᠭᠤᠯᠤᠭᠳᠠᠵᠤ ᠪᠠᠶᠢᠳᠠᠭ᠂ ᠡᠳᠦᠷ ᠪᠦᠷᠢ ᠴᠠᠢ ᠤᠤᠭᠤᠪᠠᠯ ᠡᠷᠡᠭᠦᠯ ᠮᠡᠨᠳᠦ ᠳᠤ ᠠᠰᠢᠭᠲᠠᠢ ᠶᠤᠮ᠃ ᠣᠳᠣᠬᠠᠨ ᠤ ᠵᠠᠷᠢᠮ ᠰᠤᠳᠤᠯᠭᠠᠨ ᠠᠴᠠ ᠦᠵᠡᠪᠡᠯ᠂ ᠦᠷᠭᠦᠯᠵᠢ ᠴᠠᠢ ᠤᠤᠭᠤᠪᠠᠯ ᠵᠢᠷᠦᠬᠡ ᠴᠢᠰᠤᠨ ᠰᠤᠳᠠᠯ ᠤᠨ ᠡᠪᠡᠳᠴᠢᠨ᠂ 2 ᠳ᠋ᠤᠭᠠᠷ ᠬᠡᠯᠪᠡᠷᠢ ᠶᠢᠨ ᠰᠢᠬᠢᠷ ᠰᠢᠵᠢᠩ ᠡᠪᠡᠳᠴᠢᠨ ᠵᠢᠴᠢ ᠬᠤᠳᠣᠭᠤᠳᠤᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠳᠠᠭ᠃  
 
ᠢᠷᠡᠯᠲᠡ᠄ ᠮᠠᠨᠵᠤᠤᠷ ᠬᠤᠲᠠ ᠶᠢᠨ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号