ᠪᠦᠬᠦ ᠬᠤᠰᠢᠭᠤᠨ ᠤ ︽ᠡᠮᠡᠭᠲᠡᠶᠢᠴᠦᠳ ᠨᠠᠮ ᠢᠶᠠᠨ ᠲᠠᠭᠠᠵᠦ᠂ ᠰᠢᠨ᠎ᠡ ᠴᠠᠭ ᠦᠶ᠎ᠡ ᠎ ᠳᠤ ᠭᠠᠪᠰᠢᠭᠠᠶᠢᠯᠠᠨ ᠤᠷᠤᠭᠰᠢᠯᠠᠬᠤ︾ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ  ᠶᠠᠪᠤᠭᠳᠠᠯ᠎ᠠ
ᠨᠡᠶᠢᠲᠡᠯᠡᠭᠰᠡᠨ ᠴᠠᠭ᠄
2024/3/12
  114 ᠳ᠋ᠣᠬᠡᠷ ︽3 · 8︾᠎ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ︽ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ  ᠲᠦᠮᠠᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ 3 ᠰᠠᠷ᠎ᠠ ᠶᠢᠨ 7᠎ ᠤ ᠡᠳᠦᠷ᠂  ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠠᠵᠢᠯᠴᠢᠨ ᠤ ᠶᠡᠷᠦᠩᠬᠡᠢ ᠡᠪᠯᠡᠯ ᠬᠠᠮᠲᠤᠷᠠᠨ᠂ ︽ᠡᠮᠡᠭᠲᠡᠶᠢᠴᠦᠳ ᠨᠠᠮ ᠢᠶᠠᠨ ᠲᠠᠭᠠᠵᠦ᠂ ᠰᠢᠨ᠎ᠡ ᠴᠠᠭ ᠦᠶ᠎ᠡ ᠎ ᠳᠤ ᠭᠠᠪᠰᠢᠭᠠᠶᠢᠯᠠᠨ ᠤᠷᠤᠭᠰᠢᠯᠠᠬᠤ︾ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠢ  ᠡᠷᠬᠢᠯᠠᠨ ᠶᠠᠪᠤᠭᠳᠠᠭᠤᠯᠪᠠ᠃
        ᠬᠤᠰᠢᠭᠤ  ᠳᠡᠳ᠋ ᠳᠠᠷᠤᠭ᠎ᠠ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠡᠷᠬᠢᠯᠡᠭᠴᠢ ᠵᠢᠶᠠ ᠶᠦᠩ ᠰᠢᠶᠠ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠰᠠᠷᠠᠨᠲᠤᠶᠠᠭ᠎ᠠ ᠵᠢᠴᠢ  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂  ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠵᠢᠶᠠ ᠶᠦᠩ ᠰᠢᠶᠠ ᠶᠠᠷᠢᠶᠠᠨ ᠳᠠᠭᠠᠨ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ ᠵᠠᠰᠠᠭ ᠲᠤ ᠣᠷᠣᠯᠴᠠᠨ  ᠵᠠᠰᠠᠭ ᠲᠤ ᠢ ᠵᠥᠪᠯᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ  ᠎ ᠳᠤ ᠴᠢᠬᠤᠯᠠ ᠦᠢᠯᠡᠳᠦᠯ  ᠦᠵᠡᠬᠦᠯᠦᠭᠰᠠᠬᠡᠷ ᠢᠷᠡᠵᠡᠢ᠃   ᠪᠦᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠡᠷᠡᠯᠬᠡᠭᠯᠡᠨ ᠲᠡᠮᠡᠴᠡᠬᠦ ᠡᠷᠴᠢ ᠵᠣᠷᠢᠭ ᠪᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠪᠦᠯᠬᠦᠮᠳᠡᠯ ᠤᠨ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠵᠤ ᠦᠢᠯᠡᠰ ᠪᠣᠰᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠷᠬᠡ ᠪᠠᠨ ᠬᠠᠮᠠᠭᠠᠯᠠᠬᠤ ᠬᠠᠶᠢᠷ᠎ᠠ ᠬᠠᠯᠠᠮᠵᠢ᠂ ᠠᠮᠢ ᠨᠠᠰᠤ ᠡᠷᠡᠭᠦᠯ ᠡᠩᠬᠡ᠂ ᠠᠮᠢ ᠠᠬᠤᠢ ᠶᠢᠨ ᠪᠣᠯᠪᠠᠰᠤᠨ ᠵᠡᠷᠭᠡ ᠡᠯ᠎ᠡ ᠵᠦᠢᠯ ᠤᠨ ᠡᠮᠡᠭᠲᠡᠶᠢᠴᠦᠳ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠪᠣᠯᠣᠨ ᠭᠡᠷ ᠪᠦᠯᠢ ᠵᠡᠷᠭᠡ  ᠎ ᠳᠤ ᠡᠮᠡᠭᠲᠡᠶᠢᠴᠦᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ ᠴᠣᠭᠴᠠᠯᠠᠵᠤ᠂ ᠣᠳᠣᠬᠢᠴᠢᠯᠠᠭᠰᠠᠨ ᠪᠠᠷᠠᠭᠤᠨ ᠦᠵᠦᠮᠦᠴᠢᠨ ᠬᠤᠰᠢᠭᠤ ᠶᠢ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ  ᠡᠷᠬᠦᠬᠦ ᠬᠡᠷᠡᠭᠳᠠᠢ ᠬᠡᠵᠡᠢ᠃
        ᠡᠯ᠎ᠡ ᠰᠤᠮᠤ ᠪᠠᠯᠭᠠᠰᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ 13 ᠲᠥᠯᠥᠭᠡᠯᠡᠭᠴᠢᠳ ᠤᠨ ᠠᠩᠭᠢ ᠶᠢᠨ 230 ᠺᠠᠳ᠋ᠷ ᠠᠵᠢᠯᠲᠠᠨ ᠤᠷᠤᠯᠳᠤᠭᠠᠨ ᠳᠤ  ᠤᠷᠤᠯᠴᠠᠨ᠂  ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠵᠢᠷ ᠤᠨ ᠭᠤᠤᠯ ᠬᠡᠣᠬᠡᠳ ᠤᠨ ᠴᠡᠴᠡᠷᠯᠢᠭ ᠤᠨ ᠲᠦᠯᠤᠬᠡᠯᠡᠭᠴᠢ ᠶᠢᠨ ᠠᠩᠬᠢ  ᠲᠠᠷᠢᠬᠦᠯᠠᠨ᠂   ᠪᠠᠶᠠᠠᠬᠤᠰᠢᠭᠤ ᠬᠡᠣᠬᠡᠳ ᠤᠨ ᠴᠡᠴᠡᠷᠯᠢᠭ ᠤᠨ ᠲᠦᠯᠤᠬᠡᠯᠡᠭᠴᠢ ᠶᠢᠨ ᠠᠩᠬᠢ  ᠪᠤᠯᠤᠨ ᠨᠢᠬᠡᠳᠣᠬᠡᠷ ᠪᠠᠭ᠎ᠠ ᠰᠣᠷᠭᠠᠭᠤᠯᠢ ᠶᠢᠨ ᠲᠦᠯᠤᠬᠡᠯᠡᠭᠴᠢ ᠶᠢᠨ ᠠᠩᠬᠢ ᠳᠡᠳ᠋ᠯᠡᠵᠦ᠂  ᠮᠤᠩᠭᠤᠯ ᠡᠮᠨᠡᠯᠬᠡ ᠶᠢᠨ ᠬᠤᠷᠢᠶ᠎ᠠ᠂ ᠪᠠᠶ᠋ᠬᠠᠭᠤᠯᠠ ᠬᠡᠣᠬᠡᠳ ᠤᠨ ᠴᠡᠴᠡᠷᠯᠢᠭ  ᠪᠤᠯᠤᠨ ᠬᠠᠤᠯᠢ ᠴᠠᠭᠠᠵᠠ ᠶᠢᠨ ᠲᠤᠪᠴᠢᠶᠠᠨ ᠤ ᠲᠦᠯᠤᠬᠡᠯᠡᠭᠴᠢ ᠶᠢᠨ ᠠᠩᠬᠢ  ᠭᠤᠷᠪᠠᠳᠣᠭᠠᠷ ᠳᠤ ᠤᠷᠤᠭᠰᠠᠨ  ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号