ᠡᠨᠡ ᠮᠡᠬᠡᠯᠡᠯ ᠳᠤ ᠶᠠᠭᠠᠬᠢᠭᠠᠳ ᠲᠦᠮᠡ ᠭᠠᠷᠤᠢ ᠬᠥᠮᠥᠨ ᠮᠡᠬᠡᠯᠡᠭᠳᠡᠭᠰᠡᠨ ᠶᠤᠮ ᠪᠤᠢ︖
ᠨᠡᠶᠢᠲᠡᠯᠡᠭᠰᠡᠨ ᠴᠠᠭ᠄
2024/3/12
      ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠥᠨ ᠵᠦᠪᠭᠡᠨ ᠨᠢᠭᠡ ᠯᠡ ᠰᠢᠷᠬᠡᠭ ᠬᠤᠳᠠᠯᠳᠤᠨ ᠠᠪᠴᠤ ᠪᠣᠯᠣᠨ᠎ᠠ᠂ ᠨᠢᠭᠡ ᠰᠢᠷᠬᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠬᠡ ᠮᠥᠩᠭᠦ ᠶᠢ ᠪᠠᠲᠤᠯᠠᠬᠤ ᠶᠢᠨ ᠰᠠᠭᠤᠷᠢ ᠳᠡᠭᠡᠷ᠎ᠡ 5 ᠲᠦᠮᠡᠨ ᠲᠥᠭᠦᠷᠢᠭ ᠣᠯᠣᠨ᠎ᠠ︾᠁ ᠡᠶᠢᠮᠦ ᠪᠣᠯᠬᠢ ᠪᠦᠳᠦᠭᠦᠯᠢᠭ ᠮᠡᠬᠡᠯᠡᠯ ᠨᠢ 6 ᠵᠢᠯ ᠤᠨ ᠬᠤᠭᠤᠴᠠᠭᠠᠨ ᠳᠤ ᠲᠦᠮᠡ ᠭᠠᠷᠤᠢ ᠬᠤᠣᠷ ᠠᠮᠰᠠᠭᠴᠢ ᠶᠢ ᠮᠡᠬᠡᠯᠡᠪᠡ᠃        2023 ᠣᠨ ᠤ ᠳᠣᠣᠷ᠎ᠠ ᠬᠠᠭᠠᠰ ᠵᠢᠯ ᠳᠤ᠂ ᠹᠦᠵᠢᠶᠠᠨ ᠮᠤᠵᠢ ᠶᠢᠨ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠨᠢᠭᠡᠨ ᠮᠡᠬᠡᠯᠡᠯ ᠤᠨ ᠶᠠᠯᠠᠲᠤ ᠪᠦᠯᠬᠦᠮ ᠢ ᠠᠮᠵᠢᠯᠲᠠ ᠲᠠᠢ ᠰᠦᠢᠷᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 2 ᠳ᠋ᠦᠩᠰᠢᠭᠤᠷ ᠲᠥᠭᠦᠷᠢᠭ ᠲᠤ ᠬᠦᠷᠴᠡᠢ᠃ ᠣᠶᠢᠷ᠎ᠠ ᠳᠤ᠂ ᠪᠠᠶᠢᠴᠠᠭᠠᠬᠤ ᠪᠠᠶᠢᠭᠤᠯᠭ᠎ᠠ ᠨᠢ ᠲᠣᠰ ᠬᠡᠷᠡᠭ ᠤᠨ ᠭᠤᠣᠯ ᠶᠠᠯ᠎ᠠ ᠬᠢᠭᠰᠡᠨ 12ᠰᠡᠵᠢᠭᠲᠡᠢ ᠬᠥᠮᠥᠨ ᠳᠤ ᠵᠠᠯᠭᠠᠭ᠎ᠠ ᠪᠠᠷ ᠠᠯᠪᠠᠨ ᠵᠠᠭᠠᠯᠳᠤᠯᠭ᠎ᠠ ᠭᠠᠷᠭᠠᠪᠠ᠃             ︽ᠮᠢᠩᠭ᠎ᠠ ᠣᠷᠣᠭᠤᠯᠪᠠᠯ ᠲᠠᠪᠤᠨ ᠲᠦᠮᠡ ᠣᠯᠣᠨ᠎ᠠ︾             67 ᠨᠠᠰᠤᠲᠠᠢ ᠯᠢᠨ ᠣᠪᠣᠭᠲᠤ ᠵᠠᠩᠵᠸᠤ ᠬᠤᠳᠠ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠲᠤ ᠠᠮᠤᠷ ᠢ ᠬᠠᠮᠠᠭᠠᠯᠠᠭᠴᠢ ᠪᠣᠯᠪᠠ᠃ ᠬᠡᠳᠦᠨ ᠵᠢᠯ ᠤᠨ ᠡᠮᠦᠨ᠎ᠡ᠂ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠲᠠᠨᠢᠯ ᠬᠥᠮᠥᠨ ᠲᠡᠭᠦᠨ ᠳᠤ᠄ ︽ᠤᠯᠤᠰ ᠠᠴᠠ ᠨᠢᠭᠡ ᠵᠦᠢᠯ ᠤᠨ ᠲᠣᠭᠠᠴᠢᠯᠠᠭᠰᠠᠨ ᠵᠣᠭᠤᠰ ᠲᠠᠷᠬᠠᠭᠠᠪᠠ᠂ ᠨᠢᠭᠡ ᠬᠥᠮᠥᠨ ᠵᠦᠪᠭᠡᠨ ᠨᠢᠭᠡ ᠯᠡ ᠰᠢᠷᠬᠡᠭ ᠬᠤᠳᠠᠯᠳᠤᠨ ᠠᠪᠴᠤ ᠪᠣᠯᠣᠨ᠎ᠠ᠂ ᠨᠢᠭᠡ ᠰᠢᠷᠬᠡᠭ ᠨᠢ 1000 ᠲᠥᠭᠦᠷᠢᠭ᠂ ᠵᠢᠯ ᠤᠨ ᠰᠡᠭᠦᠯᠴᠢ ᠪᠣᠯᠬᠤ ᠳᠤ ᠡᠬᠡ ᠮᠥᠩᠭᠦ ᠶᠢ ᠪᠠᠲᠤᠯᠠᠬᠤ ᠶᠢᠨ ᠰᠠᠭᠤᠷᠢ ᠳᠡᠭᠡᠷ᠎ᠡ 5 ᠲᠦᠮᠡᠨ ᠲᠥᠭᠦᠷᠢᠭ ᠣᠯᠣᠨ᠎ᠠ︾ ᠭᠡᠵᠦ ᠬᠡᠯᠡᠭᠰᠡᠨ ᠪᠥᠭᠡᠳ ᠯᠢᠨ ᠣᠪᠣᠭᠲᠤ ᠳᠤ ︽ᠡᠨᠡ ᠪᠣᠯ ᠤᠯᠤᠰ ᠤᠨ ᠨᠢᠭᠤᠴᠠ᠂ ᠶᠠᠭᠠᠬᠢᠭᠰᠠᠨ ᠴᠤ ᠪᠤᠰᠤᠳ ᠲᠤ ᠬᠡᠯᠡᠵᠦ ᠪᠣᠯᠬᠤ ᠦᠭᠡᠢ︾ ᠭᠡᠵᠦ ᠵᠠᠬᠢᠪᠠ᠃            ︽ᠲᠡᠷᠡ ᠪᠠᠰᠠ ᠨᠠᠳᠠᠳᠤ ᠪᠢᠴᠢᠭ ᠮᠠᠲ᠋ᠧᠷᠢᠶᠠᠯ ᠢ ᠦᠵᠡᠭᠦᠯᠦᠭᠰᠡᠨ᠃ ᠪᠢ ᠲᠤᠬᠠᠢ ᠶᠢᠨ ᠦᠶ᠎ᠡ ᠳᠤ ︿ᠤᠯᠤᠰ ᠠᠴᠠ ᠲᠠᠷᠬᠠᠭᠠᠭᠰᠠᠨ﹀ ᠭᠡᠳᠡᠭ ᠢ ᠨᠢ ᠦᠨᠡᠮᠰᠢᠨ ᠢᠲᠡᠭᠡᠵᠦ᠂ ᠥᠪᠡᠷ ᠤᠨ ᠪᠡᠶ᠎ᠡ ᠪᠣᠯᠣᠨ ᠭᠡᠷ ᠤᠨ ᠬᠥᠮᠥᠰ ᠤᠨ ᠪᠡᠶ᠎ᠡ ᠶᠢᠨ ᠭᠠᠷᠤᠯ ᠢᠶᠠᠷ 5000 ᠲᠥᠭᠦᠷᠢᠭ ᠵᠠᠷᠤᠴᠠᠭᠤᠯᠤᠨ 5 ᠰᠢᠷᠬᠡᠭ ᠬᠤᠳᠠᠯᠳᠤᠨ ᠠᠪᠴᠠᠢ᠂ ᠨᠦᠬᠦᠭᠡ ᠡᠲᠡᠭᠡᠳ ᠨᠠᠳᠠ ᠳᠤ ᠨᠡᠷ᠎ᠡ ᠬᠠᠳᠠᠭᠰᠠᠨ 5 ᠠᠯᠲᠠᠨ ᠺᠠᠷᠲ ᠢᠯᠡᠭᠡᠵᠡᠢ︾ ᠭᠡᠵᠦ ᠰᠠᠷ᠎ᠠ ᠳᠠᠭᠠᠨ 2000 ᠯᠠ ᠲᠥᠭᠦᠷᠢᠭ ᠣᠯᠳᠠᠭ ᠯᠢᠨ ᠣᠪᠣᠭᠲᠤ ᠬᠡᠯᠡᠭᠰᠡᠨ ᠢᠶᠠᠨ ᠵᠠᠯᠭᠠᠭᠠᠳ᠄ ︽ᠮᠢᠨᠤ ᠲᠠᠨᠢᠯᠴᠠᠭᠤᠯᠭ᠎ᠠ ᠪᠠᠷ ᠬᠤᠶᠠᠷ ᠨᠠᠶᠢᠵᠠ ᠮᠠᠨᠢ ᠲᠤᠰ ᠲᠤᠰ ᠲᠦᠮᠡ ᠰᠢᠬᠠᠮ ᠲᠥᠭᠦᠷᠢᠭ ᠤᠨ ᠪᠡᠯᠡ ᠣᠷᠣᠭᠤᠯᠵᠠᠢ᠃ ᠵᠢᠯ ᠤᠨ ᠡᠴᠦᠰ ᠪᠣᠯᠬᠤ ᠳᠤ᠂ 5 ᠺᠠᠷᠲ ᠢ ᠨᠢ ᠤᠳᠠᠲᠠᠯ᠎ᠠ ᠰᠣᠯᠢᠵᠤ ᠥᠭᠭᠦᠭᠰᠡᠨ ᠦᠭᠡᠢ ᠪᠣᠯᠬᠤᠷ ᠯᠢᠨ ᠣᠪᠣᠭᠲᠤ ᠰᠠᠶ᠋ᠢ ᠮᠡᠬᠡᠯᠡᠭᠳᠡᠭᠰᠡᠨ ᠢᠶᠠᠨ ᠰᠡᠷᠡᠵᠦ ᠮᠡᠳᠡᠭᠡᠳ᠂ ᠬᠦᠦ ᠶᠢᠨ ᠢᠶᠠᠨ ᠢᠳᠬᠠᠯ ᠳᠣᠣᠷ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠬᠡᠷᠡᠭ ᠮᠡᠳᠡᠭᠦᠯᠪᠡ᠃            ᠤᠯᠠᠨ ᠬᠤᠬᠢᠷᠠᠯ ᠠᠮᠰᠠᠭᠴᠢ ᠶᠢᠨ ᠬᠡᠯᠡᠬᠦ ᠪᠠᠷ᠂ ᠰᠦᠢᠳᠬᠡᠯ ᠲᠤᠰᠢᠶᠠᠭᠠᠳ ᠭᠡᠰᠢᠭᠦᠨ ᠪᠣᠯᠤᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠮᠥᠩᠭᠦ ᠣᠯᠳᠠᠭ᠂ ᠳᠠᠷᠠᠭ᠎ᠠ ᠨᠢ ᠨᠡᠷ᠎ᠡ ᠮᠡᠳᠡᠭᠦᠯᠦᠭᠰᠡᠨ ᠮᠥᠩᠭᠦ ᠪᠠᠷ ᠢᠶᠠᠨ ᠸᠢᠴᠠᠲ ᠤᠨ ᠬᠤᠯᠪᠣᠭᠠᠨ ᠳᠤ ᠲᠠᠷᠬᠠᠭᠠᠭᠰᠠᠨ ︽ᠱᠧᠩ ᠱᠢ ᠵᠥᠩ ᠬᠤᠸᠠ︾ ᠰᠦᠯᠵᠢᠶᠡᠨ ᠳᠠᠬᠢ ᠲᠠᠩᠰᠠᠨ ᠨᠣᠮᠧᠷ ᠢᠶᠠᠨ ᠠᠮᠢᠯᠠᠭᠤᠯᠪᠠᠯ ᠳᠠᠷᠤᠢ ᠲᠣᠭᠠᠴᠢᠯᠠᠭᠰᠠᠨ ᠵᠣᠭᠤᠰ ᠢ ᠣᠯᠵᠤ᠂ ᠨᠡᠷ᠎ᠡ ᠮᠡᠳᠡᠭᠦᠯᠦᠭᠰᠡᠨ ᠮᠥᠩᠭᠦ ᠪᠠᠷ ᠢᠶᠠᠨ 5 ᠲᠦᠮᠡᠨ ᠲᠥᠭᠦᠷᠢᠭ ᠰᠣᠯᠢᠵᠤ ᠠᠪᠴᠤ ᠪᠣᠯᠣᠨ᠎ᠠ ᠭᠡᠨ᠎ᠡ᠃            ︽ᠥᠯᠥᠰᠬᠦᠯᠡᠩ ᠪᠣᠷᠤᠯᠠᠭᠤᠯᠭ᠎ᠠ ᠶᠢᠨ ᠬᠡᠯᠪᠡᠷᠢ ᠪᠠᠷ ᠸᠢᠴᠠᠲ ᠤᠨ ᠬᠤᠯᠪᠣᠭ᠎ᠠ ᠳᠤ ᠡᠭᠦᠨ ᠢᠶᠠᠨ ᠳᠡᠯᠭᠡᠷᠡᠭᠦᠯᠵᠦ᠂ ᠬᠥᠮᠥᠨ ᠪᠦᠷᠢ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ᠢᠶᠠᠷ ᠢᠶᠠᠨ ᠨᠡᠷ᠎ᠡ ᠮᠡᠳᠡᠭᠦᠯᠬᠦ ᠮᠥᠩᠭᠦ ᠶᠢ ᠬᠤᠳᠠᠯᠳᠤᠨ ᠠᠪᠴᠤ ᠪᠣᠯᠣᠨ᠎ᠠ᠂ ᠡᠪᠰᠡᠯ ᠪᠦᠯᠦᠭ ᠤᠨ ᠥᠪᠡᠷ ᠢᠶᠠᠨ ᠤᠳᠤᠷᠢᠳᠴᠤ ᠥᠪᠡᠷ ᠢᠶᠠᠨ ᠲᠣᠭᠯᠠᠬᠤ ᠥᠳᠥᠭᠡᠯᠭᠡ ᠶᠢᠨ ᠳᠣᠣᠷ᠎ᠠ᠂ ᠨᠡᠷ᠎ᠡ ᠮᠡᠳᠡᠭᠦᠯᠬᠦ ᠮᠥᠩᠭᠦ ᠶᠢᠨ ᠨᠢᠭᠡᠴᠢ ᠦᠨ᠎ᠡ ᠨᠢ 100 ᠲᠥᠭᠦᠷᠢᠭ ᠪᠠᠶᠢᠭᠰᠠᠨ ᠠᠴᠠ ᠪᠠᠨ ᠠᠭᠠᠵᠢᠮ ᠢᠶᠠᠷ ᠨᠡᠮᠡᠭᠳᠡᠭᠡᠳ 1600 ᠲᠥᠭᠦᠷᠢᠭ ᠪᠣᠯᠵᠠᠢ︾ ᠭᠡᠵᠦ ᠵᠠᠩᠵᠸᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠲᠣᠭᠤᠷᠢᠭ ᠤᠨ ᠬᠤᠪᠢᠶᠠᠷᠢ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠠᠷᠤᠭ᠎ᠠ ᠼᠠᠢ ᠢ ᠪᠢᠨ ᠬᠡᠯᠡᠭᠰᠡᠨ ᠢᠶᠠᠨ ᠵᠠᠯᠭᠠᠭᠠᠳ᠂ ᠴᠥᠭᠡᠨ ᠪᠤᠰᠤ ᠨᠠᠰᠤᠲᠠᠶᠢᠴᠤᠳ ᠡᠬᠢᠨ ᠳᠡᠭᠡᠨ ᠠᠶᠤᠵᠤ ᠪᠠᠶᠢᠭᠰᠠᠨ ᠠᠴᠠ ᠪᠠᠨ ᠰᠡᠭᠦᠯᠳᠡᠵᠦ ᠢᠷᠡᠭᠡᠳ ᠪᠤᠯᠢᠶᠠᠯᠳᠤᠨ ᠬᠤᠳᠠᠯᠳᠤᠨ ᠠᠪᠴᠤ᠂ ᠮᠠᠰᠢ ᠣᠯᠠᠨ ᠬᠥᠮᠥᠰ ᠨᠢ ᠭᠡᠷ ᠪᠦᠯᠢ᠂ ᠨᠠᠶᠢᠵᠠ ᠨᠠᠷ ᠤᠨ ᠢᠶᠠᠨ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠬᠡᠷᠡᠭᠯᠡᠵᠦ ᠡᠭᠦᠨ ᠢ ᠬᠤᠳᠠᠯᠳᠤᠨ ᠠᠪᠴᠠᠢ ᠭᠡᠵᠦ ᠬᠡᠯᠡᠯ᠎ᠡ᠃             ᠴᠠᠭᠳᠠᠭᠠᠨ ᠤ ᠲᠠᠯ᠎ᠠ ᠶᠢᠨ ᠪᠠᠶᠢᠴᠠᠭᠠᠨ ᠲᠣᠳᠣᠯᠠᠭᠰᠠᠨ ᠢᠶᠠᠷ᠂ ᠲᠣᠰ ᠬᠡᠷᠡᠭ ᠲᠤ ᠲᠦᠮᠡ ᠭᠠᠷᠤᠢ ᠬᠥᠮᠥᠨ ᠬᠤᠯᠪᠣᠭᠳᠠᠵᠤ᠂ ᠣᠯᠠᠩᠬᠢ ᠨᠢ 50 ᠨᠠᠰᠤᠨ ᠠᠴᠠ ᠳᠡᠭᠡᠭᠰᠢᠬᠢ ᠢᠳᠡᠷ ᠥᠲᠡᠯᠦᠭᠡ ᠨᠠᠰᠤᠨ ᠤ ᠬᠥᠮᠥᠨ ᠪᠠᠶᠢᠵᠤ᠂ ᠴᠥᠭᠡᠨ ᠪᠤᠰᠤ ᠬᠥᠮᠥᠨ ᠤ ᠠᠮᠢᠳᠤᠷᠠᠯ ᠨᠥᠬᠦᠴᠡᠯ ᠨᠢ ᠲᠡᠶᠢᠮᠦ ᠰᠠᠶᠢᠨ ᠪᠢᠰᠢ ᠶᠤᠮ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ‍ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号