ᠸᠢᠴᠠᠲ ᠳᠡᠭᠡᠷ᠎ᠡ ᠡᠭᠦᠨ ᠢ ᠲᠦᠭᠡᠭᠡᠨ ᠲᠠᠷᠬᠠᠭᠠᠪᠠᠯ ᠬᠠᠤᠯᠢ ᠶᠢ ᠵᠥᠷᠢᠴᠡᠵᠦ ᠮᠠᠭᠠᠳ ᠦᠭᠡᠢ︕
ᠨᠡᠶᠢᠲᠡᠯᠡᠭᠰᠡᠨ ᠴᠠᠭ᠄
2024/3/12
      ᠣᠶᠢᠷ᠎ᠠ ᠳᠤ᠂ ᠱᠠᠨᠳᠦ᠋ᠩ ᠤᠨ ᠳ᠋ᠧᠵᠸᠦ ᠶᠢᠨ ᠫᠠᠨ ᠠᠪᠤᠭᠠᠢ ᠲᠤᠰᠬᠠᠬᠤ ᠳᠠᠭᠠᠨ᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠠᠴᠠ ᠡᠬᠢᠯᠡᠨ ᠪᠢ ᠤᠯᠠᠨ ᠸᠢᠴᠠᠲ ᠤᠨ ᠬᠤᠯᠪᠣᠭ᠎ᠠ ᠳᠤ ᠵᠠᠷᠢᠮ ᠬᠥᠮᠥᠨ ᠴᠠᠭᠠᠨ ᠰᠠᠷ᠎ᠠ ᠶᠢᠨ ᠬᠤᠭᠤᠴᠠᠭᠠᠨ ᠳᠤ ᠬᠤᠯᠠᠭᠠᠶᠢᠯᠠᠨ ᠬᠡᠪᠯᠡᠭᠰᠡᠨ ᠺᠢᠨᠣ᠋ ᠶᠢ ᠳᠠᠮᠵᠢᠭᠤᠯᠤᠨ ᠲᠠᠷᠬᠠᠭᠠᠵᠤ ᠪᠠᠶᠢᠬᠤ ᠶᠢ ᠣᠯᠵᠤ ᠬᠠᠷᠠᠵᠠᠢ᠂ ᠡᠭᠦᠨ ᠤ ᠳᠣᠲᠣᠷᠠᠬᠢ ᠣᠯᠠᠩᠬᠢ ᠶᠢ ᠨᠢ ᠰᠦᠢᠳᠬᠡᠯ ᠬᠤᠷᠢᠶᠠᠬᠤ ᠦᠭᠡᠢ ᠪᠠᠷ ᠦᠵᠡᠭᠦᠯᠳᠡᠭ ᠪᠤᠯᠪᠠᠴᠤ ᠪᠠᠰᠠ ᠬᠡᠳᠦᠨ ᠲᠥᠭᠦᠷᠢᠭ ᠤᠨ ᠰᠦᠢᠳᠬᠡᠯ ᠬᠤᠷᠢᠶᠠᠬᠤ ᠶᠢ ᠲᠣᠳᠣᠷᠬᠠᠶᠢᠯᠠᠭᠰᠠᠨ ︽ᠣᠨᠴᠠ ᠲᠣᠳᠣᠷᠬᠠᠢ ᠬᠡᠪᠯᠡᠯ︾᠎ ᠤᠨ ᠴᠥᠷᠬᠡᠯᠡᠭᠡ ᠪᠠᠶᠢᠳᠠᠭ᠂ ᠡᠭᠦᠨ ᠢ ᠦᠵᠡᠬᠦ ᠳᠤ ᠸᠢᠴᠠᠲ ᠤᠨ ᠬᠤᠯᠪᠣᠭ᠎ᠠ ᠳᠣᠲᠣᠷᠠᠬᠢ ᠰᠠᠶᠢᠨ ᠨᠠᠶᠢᠵᠠ ᠨᠠᠷ ᠲᠠᠭᠠᠨ ᠠᠰᠠᠷᠠᠮᠵᠢ ᠬᠦᠷᠭᠡᠵᠦ ᠪᠠᠶᠢᠭ᠎ᠠ ᠦᠢᠯᠡ ᠠᠵᠢᠯᠯᠠᠭ᠎ᠠ ᠶᠤᠮ ᠰᠢᠭ᠋ ᠪᠤᠯᠪᠠᠴᠤ ᠦᠨᠡᠨ ᠳᠡᠭᠡᠨ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠲᠡᠢ ᠭᠡᠵᠦ ᠲᠤᠰᠬᠠᠪᠠ᠃ ᠫᠠᠨ ᠠᠪᠤᠭᠠᠢ ᠠᠴᠠ ᠭᠠᠳᠠᠨ᠎ᠠ ᠣᠯᠠᠩᠬᠢ ᠰᠦᠯᠵᠢᠶᠡᠴᠢᠳ ᠴᠤ ᠸᠢᠴᠠᠲ ᠤᠨ ᠬᠤᠯᠪᠣᠭ᠎ᠠ ᠠᠴᠠ ᠪᠠᠨ ᠡᠲᠡᠭᠡᠷ ᠬᠠᠯᠠᠮᠰᠢᠯ ᠲᠠᠢ ᠺᠢᠨᠣ᠋ ᠶᠢᠨ ᠰᠦᠯᠵᠢᠶᠡᠨ ᠤ ᠬᠠᠶ᠋ᠢᠭ ᠢ ᠣᠯᠵᠤ ᠠᠪᠴᠠᠢ᠂ ᠵᠠᠷᠢᠮ ᠬᠥᠮᠥᠨ ᠨᠠᠶᠢᠵᠠ ᠶᠢᠨ ᠲᠣᠭᠤᠷᠢᠭ ᠲᠠᠭᠠᠨ ︽10 ᠲᠥᠭᠦᠷᠢᠭ ᠤᠨ ᠪᠠᠭᠯᠠᠭ᠎ᠠ ᠲᠠᠢ ᠴᠠᠭᠠᠨ ᠰᠠᠷ᠎ᠠ ᠶᠢᠨ ᠺᠢᠨᠣ᠋︾᠎ ᠢᠶᠠᠷ ᠡᠲᠡᠭᠡᠷ ᠴᠥᠷᠬᠡᠯᠡᠭᠡ ᠶᠢ ᠬᠤᠳᠠᠯᠳᠤᠵᠤ ᠪᠤᠢ᠂ ᠵᠠᠷᠢᠮ ᠬᠥᠮᠥᠨ ᠪᠠᠰᠠ ᠡᠲᠡᠭᠡᠷ ᠴᠥᠷᠬᠡᠯᠡᠭᠡ ᠶᠢ ᠪᠠᠭᠯᠠᠵᠤ ᠰᠢᠨ᠎ᠡ ᠵᠢᠯ ᠤᠨ ᠮᠡᠨᠳᠦᠴᠢᠯᠡᠯ ᠬᠦᠷᠭᠡᠵᠦ ᠪᠠᠶᠢᠨ᠎ᠠ᠃             ᠡᠭᠦᠨ ᠤ ᠲᠤᠬᠠᠢ ᠪᠡᠭᠡᠵᠢᠩ ᠤᠨ ᠳ᠋ᠧ ᠾᠧᠩ ︵ᠵᠢᠨᠠᠨ︶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠯᠢ ᠴᠧᠩ ᠪᠦᠦ ᠬᠡᠯᠡᠬᠦ ᠳᠡᠭᠡᠨ᠂ ᠬᠤᠯᠠᠭᠠᠶᠢᠯᠠᠨ ᠬᠡᠪᠯᠡᠭᠰᠡᠨ ᠺᠢᠨᠣ᠋ ᠶᠢᠨ ᠡᠬᠢ ᠪᠠᠶᠠᠯᠢᠭ ᠢ ᠬᠠᠭᠤᠯᠪᠤᠷᠢᠯᠠᠵᠤ᠂ ᠲᠦᠭᠡᠭᠡᠨ ᠲᠠᠷᠬᠠᠭᠠᠬᠤ ᠨᠢ ᠲᠡᠷᠡ ᠴᠢᠭ ᠢᠶᠠᠷ ᠢᠶᠠᠨ ᠺᠢᠨᠣ᠋ ᠶᠢᠨ ᠡᠷᠬᠡᠲᠦ ᠬᠥᠮᠥᠨ ᠤ ᠲᠠᠷᠬᠠᠭᠠᠬᠤ ᠡᠷᠬᠡ ᠪᠠ ᠰᠦᠯᠵᠢᠶᠡᠨ ᠤ ᠬᠡᠪᠯᠡᠯ ᠤᠨ ᠡᠷᠬᠡ ᠳᠤ ᠬᠠᠯᠳᠠᠭᠰᠠᠨ ᠶᠠᠪᠤᠳᠠᠯ ᠪᠣᠯᠬᠤ ᠶᠤᠮ ᠭᠡᠵᠡᠢ᠃ ᠬᠤᠯᠠᠭᠠᠶᠢᠯᠠᠨ ᠬᠡᠪᠯᠡᠭᠰᠡᠨ ᠺᠢᠨᠣ᠋ ᠶᠢᠨ ᠴᠥᠷᠬᠡᠯᠡᠭᠡ ᠶᠢᠨ ᠲᠠᠨᠢᠯ ᠪᠤᠰᠤ ᠬᠥᠮᠥᠰ ᠲᠤ ᠬᠠᠨᠳᠤᠭᠤᠯᠤᠭᠰᠠᠨ ᠰᠦᠯᠵᠢᠶᠡᠨ ᠥᠷᠲᠡᠭᠡ ᠶᠢᠨ ᠵᠠᠷᠢᠮ ᠴᠥᠷᠬᠡᠯᠡᠭᠡ ᠶᠢᠨ ᠲᠣᠰ ᠪᠡᠶ᠎ᠡ ᠳᠤ ᠸᠢᠷᠦ᠋ᠰ ᠣᠷᠣᠭᠤᠯᠤᠭᠰᠠᠨ ᠪᠠᠶᠢᠳᠠᠭ᠂ ᠡᠶᠢᠮᠦ ᠠᠴᠠ ᠬᠠᠮᠢᠶ᠎ᠠ ᠪᠦᠬᠦᠢ ᠴᠥᠷᠬᠡᠯᠡᠭᠡ ᠶᠢ ᠨᠡᠭᠡᠭᠡᠬᠦ ᠳᠤ ᠬᠦᠷᠪᠡᠯ ᠸᠢᠴᠠᠲ ᠤᠨ ᠨᠣᠮᠧᠷ ᠴᠢᠨᠢ ᠬᠤᠯᠠᠭᠠᠶᠢᠯᠠᠭᠳᠠᠬᠤ᠂ ᠬᠤᠪᠢ ᠬᠥᠮᠥᠨ ᠤ ᠮᠡᠳᠡᠭᠡ ᠵᠠᠩᠭᠢ  ᠴᠢᠨᠢ ᠬᠤᠯᠠᠭᠠᠶᠢᠯᠠᠭᠳᠠᠬᠤ᠂ ᠵᠣᠭᠤᠰ ᠮᠥᠩᠭᠦ ᠶᠢ ᠴᠢᠨᠢ ᠬᠤᠯᠠᠭᠠᠶᠢᠯᠠᠭᠳᠠᠬᠤ ᠳᠠᠯᠳᠠ ᠲᠦᠭᠰᠢᠭᠦᠷᠢ ᠣᠷᠣᠰᠢᠵᠤ ᠪᠠᠶᠢᠳᠠᠭ᠃  
 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号