ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠰᠢᠯᠢᠳᠡᠭ ᠪᠦᠲᠦᠭᠡᠯ ᠢᠶᠠᠷ ᠢᠶᠠᠨ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠵᠣ ᠪᠤᠢ
ᠨᠡᠶᠢᠲᠡᠯᠡᠭᠰᠡᠨ ᠴᠠᠭ᠄
2024/3/12
                                                                                 ᠤᠯᠠᠭᠠᠨᠮᠥ᠋ᠴᠢᠷ ᠪᠣᠯ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ᠂ ᠲᠠᠯ᠎ᠠ ᠨᠤᠲᠤᠭ ᠤᠨ ᠤᠳᠤᠨ ᠮᠡᠴᠢᠳ ᠪᠠ ᠳ᠋ᠧᠩ ᠤᠨ ᠭᠡᠷᠡᠯ ᠮᠡᠲᠦ ᠪᠠᠶᠢᠵᠤ᠂ ᠬᠠᠮᠢᠭ᠎ᠠ ᠲᠤᠰᠪᠠᠯ ᠲᠡᠨᠳᠡ ᠰᠣᠶᠣᠯ ᠤᠨ ᠭᠡᠷᠡᠯ ᠭᠢᠯᠪᠠᠭ᠎ᠠ ᠲᠠᠢ ᠪᠤᠯᠳᠠᠭ ᠢ ᠪᠢᠳᠡ ᠣᠯᠵᠤ ᠬᠠᠷᠠᠳᠠᠭ ᠶᠤᠮ᠃  ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠳᠤ ᠲᠦᠯᠬᠢᠵᠦ ᠪᠣᠯᠣᠰᠢ ᠦᠭᠡᠢ ᠴᠢᠬᠤᠯᠠ ᠡᠭᠦᠷᠭᠡ ᠬᠠᠷᠢᠭᠤᠴᠠᠯᠭ᠎ᠠ ᠲᠠᠢ ᠶᠤᠮ᠃
        ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠤᠳᠬ᠎ᠠ ᠤᠷᠠᠯᠢᠭ ᠢ ᠠᠷᠠᠳ ᠲᠦᠮᠡᠨ ᠳᠤ ᠦᠢᠯᠡᠴᠢᠯᠡᠭᠦᠯᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ ᠵᠢᠯ ᠲᠤᠷᠰᠢ ᠦᠨᠳᠦᠰᠦᠨ ᠱᠠᠲᠤᠨ ᠳᠤ ᠢᠳᠡᠪᠬᠢᠲᠡᠢ ᠠᠵᠢᠯᠯᠠᠵᠤ᠂ ᠨᠢᠭᠡ ᠪᠦᠯᠦᠭ ᠤᠯᠠᠨ ᠲᠦᠮᠡᠨ ᠲᠠᠢ ᠣᠶᠢᠷᠠᠲᠤᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠳᠡᠯᠭᠡᠨ ᠦᠵᠡᠭᠦᠯᠦᠨ᠂ ᠤᠯᠠᠭᠠᠨᠮᠥ᠋ᠴᠢᠷ ᠤᠨ ᠰᠢᠨ᠎ᠡ ᠴᠠᠭ ᠦᠶ᠎ᠡ ᠳᠤ ᠰᠢᠨ᠎ᠡ ᠳᠦᠷᠰᠦ ᠪᠠᠶᠢᠳᠠᠯ ᠂ ᠰᠢᠨ᠎ᠡ ᠵᠢᠳᠬᠦᠯ ᠴᠢᠷᠮᠠᠶᠢᠯᠭ᠎ᠠ ᠲᠠᠢ ᠪᠣᠯᠬᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠨᠡᠩ ᠰᠠᠶᠢᠲᠤᠷ ᠠᠬᠢᠭᠤᠯᠤᠭᠰᠠᠨ ᠪᠠᠶᠢᠨ᠎ᠠ᠃
         ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠭᠰᠡᠨ ᠮᠣᠩᠭᠤᠯ ᠵᠦᠴᠦᠭᠡ ︽ᠰᠡᠷᠡᠯ ᠮᠣᠷᠢ︾ ᠨᠢ ᠳᠠᠭᠤᠤ ᠪᠥᠵᠢᠭᠲᠦ ᠵᠦᠴᠦᠭᠡ ᠶᠢᠨ ᠢᠯᠡᠷᠡᠭᠦᠯᠦᠯ ᠤᠨ ᠬᠡᠯᠪᠡᠷᠢ ᠪᠠᠷ ᠮᠣᠩᠭᠤᠯ ᠮᠣᠷᠢᠨ ᠤ ᠰᠢᠨᠲᠠᠷᠠᠰᠢ ᠦᠭᠡᠢ᠂ ᠡᠷᠡᠯᠬᠡᠭᠯᠡᠨ ᠤᠷᠤᠭᠰᠢᠯᠠᠬᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠬᠠᠷᠠᠮ ᠦᠭᠡᠢ ᠵᠢᠳᠬᠦᠬᠦ ᠵᠣᠷᠢᠭ ᠰᠠᠨᠠᠭ᠎ᠠ  ᠶᠢ ᠮᠠᠭᠲᠠᠨ ᠳᠠᠭᠤᠯᠠᠵᠤ᠂ ᠪᠥᠬᠦ ᠳᠤᠮᠳᠠᠳᠤ   ᠶᠢᠨ ᠴᠢᠯᠦᠭᠡᠯᠡᠬᠦ ᠶᠢᠨ ᠲᠥᠯᠥᠭᠡ ᠭᠠᠪᠰᠢᠭᠠᠶᠢᠯᠠᠨ ᠭᠠᠪᠰᠢᠭᠠᠶᠢᠯᠠᠵᠤ᠂ ᠬᠠᠯᠠᠭᠤᠨ ᠴᠢᠰᠤ ᠪᠠᠨ ᠤᠷᠤᠰᠬᠠᠭᠰᠠᠨ ᠪᠠᠶᠢᠯᠳᠤᠭᠴᠢᠳ ᠪᠣᠯᠣᠨ ᠠᠭᠤᠤ ᠶᠡᠭᠡ ᠪᠠᠭᠠᠲᠤᠷᠯᠢᠭ ᠬᠥᠪᠡᠭᠦᠳ ᠥᠬᠢᠳ ᠢ ᠮᠠᠭᠲᠠᠨ ᠳᠠᠭᠤᠯᠠᠵᠠᠢ᠃ ᠲᠡᠷᠡᠴᠢᠯᠡᠨ ᠥᠩᠭᠡᠷᠡᠭᠰᠡᠨ ᠤ ᠪᠠ ᠤᠳᠤ ᠶᠢᠨ ᠬᠢ ᠶᠢ ᠬᠠᠷᠢᠴᠠᠭᠤᠯᠬᠤ ᠠᠷᠭ᠎ᠠ ᠪᠠᠷ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠢ ᠮᠠᠭᠲᠠᠨ  ᠳᠠᠭᠤᠯᠣᠭᠰᠠᠨ ᠪᠠᠶᠢᠨ᠎ᠠ᠃ ᠲᠣᠰ ᠵᠦᠴᠦᠭᠡ ᠨᠢ 2022 ᠣᠨ ᠤ 9 ᠰᠠᠷ᠎ᠠ ᠳᠤ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠰᠢ ᠶᠢᠨ ᠰᠢᠯᠢᠳᠡᠭ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠭᠠᠳ ︽ᠰᠢᠯᠢᠳᠡᠭ ᠵᠦᠴᠦᠭᠡ ᠶᠢᠨ ᠱᠠᠩᠨᠠᠯ︾ ᠢ  ᠬᠦᠷᠲᠡᠵᠤ᠂ 2023 ᠣᠨ ᠤ 3 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠰᠢᠯᠭᠠᠷᠠᠭᠤᠯᠤᠭᠰᠠᠨ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠲᠦᠷᠦᠯ ᠵᠦᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠪᠦᠲᠦᠭᠡᠯ ᠢᠶᠠᠷ  ᠦᠨᠡᠯᠡᠭᠳᠡᠭᠰᠡᠨ ᠪᠠᠶᠢᠨ᠎ᠠ᠃
        2023 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠠᠴᠠ 1 ᠳᠠᠭᠤᠤ ᠪᠥᠵᠢᠭ ᠤᠨ ᠦᠳᠡᠰᠢᠯᠡᠭᠡ ᠲᠣᠬᠢᠷᠠᠭᠤᠯᠵᠤ᠂ 12 ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠵᠡᠢ᠃ ᠡᠭᠦᠨ ᠳᠤ ᠳᠠᠭᠤᠤ ᠪᠥᠵᠢᠭ ᠤᠨ ᠦᠳᠡᠰᠢᠯᠡᠭᠡ ︽ᠲᠠᠯ᠎ᠠ ᠨᠤᠲᠤᠭ ᠤᠨ ᠮᠠᠭᠲᠠᠭᠠᠯ︾᠂ ᠳᠠᠭᠤᠤ ︽ᠴᠢᠨᠦ ᠢᠨᠢᠶᠡᠮᠰᠦᠭᠯᠡᠯ︾᠂ ︽ᠵᠡᠭᠦᠳᠦᠨ ᠳᠠᠬᠢ ᠠᠮᠠᠷᠠᠭ︾᠂ ᠮᠣᠷᠢᠨ ᠬᠤᠭᠤᠷ ᠤᠨ ᠠᠶ᠎ᠠ ︽ᠰᠡᠷᠡᠯ ᠮᠣᠷᠢ︾᠂ ᠪᠥᠵᠢᠭ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂  ᠤᠬᠤᠷ ᠵᠥᠴᠦᠭᠡ ︽ᠤᠯᠠᠭᠠᠨᠮᠥ᠋ᠴᠢᠷ︾᠂  ᠬᠥᠭᠡᠮᠡᠢ  ︽ᠳᠡᠭᠦᠯᠢᠯᠲᠡ︾ ᠵᠡᠷᠭᠡ ᠪᠠᠭᠲᠠᠨ᠎ᠠ᠃ ᠨᠢᠳᠤᠨᠤᠨ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ 101 ᠲᠠᠯᠠᠪᠤᠷ ᠲᠣᠭᠯᠠᠯᠲᠠ ᠭᠠᠷᠭᠠᠵᠤ᠂ 8 ᠤᠳᠠᠭ᠎ᠠ ᠭᠤᠣᠯ ᠰᠡᠳᠦᠪᠲᠦ ᠤᠬᠠᠭᠤᠯᠤᠨ ᠲᠠᠶᠢᠪᠣᠷᠢᠯᠠᠬᠤ ᠠᠵᠢᠯᠯᠠᠭ᠎ᠠ ᠥᠷᠨᠢᠭᠦᠯᠦᠨ᠂ ᠦᠵᠡᠭᠴᠢᠳ ᠤᠨ ᠲᠤᠭ᠎ᠠ 148134 ᠬᠥᠮᠥᠨ ᠤᠳᠠᠭ᠎ᠠ ᠳᠤ ᠬᠦᠷᠴᠡᠢ᠃     3 ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠢᠷᠡᠬᠦ ᠳᠤ᠂ ᠣᠯᠠᠨ ᠢᠶᠠᠷ ᠢᠶᠠᠨ ᠶᠠᠭ ᠰᠠᠶᠢᠬᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠤ ᠪᠦᠯᠬᠦᠮᠳᠡᠯ ᠢᠶᠠᠷ ᠭᠤᠣᠯ ᠰᠡᠳᠦᠪ ᠪᠣᠯᠭᠠᠭᠰᠠᠨ ᠳᠠᠭᠤᠤ ᠪᠥᠵᠢᠭ ᠤᠨ ᠦᠳᠡᠰᠢᠯᠡᠭᠡ ᠶᠢ ᠶᠠᠭᠠᠷᠠᠯᠲᠠᠢ ᠪᠠᠷ ᠵᠣᠬᠢᠶᠠᠨ ᠪᠥᠲᠦᠭᠡᠵᠤ ᠪᠠᠶᠢᠯ᠎ᠠ  ᠃ ᠡᠨᠡ ᠬᠦ ᠳᠠᠭᠤᠤ ᠪᠥᠵᠢᠭ ᠤᠨ ᠦᠳᠡᠰᠢᠯᠡᠭᠡ ᠶᠢ 3 ᠰᠠᠷ᠎ᠠ ᠶᠢᠨ ᠳᠤᠮᠳᠠᠴᠢ ᠪᠠᠷ ᠲᠣᠭᠯᠠᠬᠤ ᠪᠠᠷ ᠪᠣᠶ᠃     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠦᠷᠭᠦᠯᠵᠢᠯᠡᠨ ᠰᠢᠨ᠎ᠡ ᠪᠠᠷ ᠡᠭᠦᠳᠴᠦ᠂ ᠰᠣᠳᠣᠨ ᠪᠦᠲᠦᠭᠡᠯ ᠢ ᠲᠠᠰᠤᠷᠠᠯᠲᠠ ᠦᠭᠡᠢ ᠡᠭᠦᠳᠴᠦ᠂ ᠤᠯᠠᠭᠠᠨᠮᠥ᠋ᠴᠢᠷ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠂ ᠪᠥᠬᠦ ᠬᠤᠰᠢᠭᠤᠨ ᠤ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ  ᠦᠵᠡᠭᠦᠯᠬᠦ ᠪᠠᠷ ᠪᠤᠢ᠃    
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号