ᠪᠠᠷᠠᠭᠤᠨ ᠦᠵᠦᠮᠦᠴᠢᠨ ᠬᠤᠰᠢᠭᠤ ᠲᠥᠪᠯᠡᠷᠡᠭᠦᠯᠦᠨ ᠨᠥᠭᠡᠴᠡᠯᠡᠭᠰᠡᠨ ᠡᠪᠡᠰᠦ ᠪᠣᠷᠳᠤᠭ᠎ᠠ ᠲᠠᠷᠬᠠᠭᠠᠵᠤ ᠬᠠᠪᠣᠷ ᠤᠨ ᠣᠯᠠᠷᠢᠯ ᠤᠨ ᠮᠠᠯᠵᠢᠬᠤ ᠦᠢᠯᠡᠳᠪᠦᠷᠢᠯᠡᠯ ᠳᠤ ᠪᠠᠲᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2024/3/12
     2023 ᠣᠨ ᠤ ᠡᠪᠦᠯ ᠠᠴᠠ ᠨᠠᠰᠢ᠂ ᠪᠥᠬᠦ ᠬᠤᠰᠢᠭᠤᠨ ᠤ ᠬᠡᠪᠴᠢᠶᠡᠨ ᠳᠤ ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠬᠢ ᠠᠴᠠ ᠳᠣᠣᠷ᠎ᠠ ᠪᠠᠶᠢᠵᠤ᠂  ᠨᠡᠯᠢᠶᠡᠳ ᠣᠯᠠᠨ ᠤᠳᠠᠭ᠎ᠠ ᠴᠠᠰᠤ ᠣᠷᠤᠵᠣ ᠰᠢᠭᠤᠷᠭ᠎ᠠ ᠳᠡᠭᠳᠡᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠢ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠰᠡᠨ ᠪᠠᠶᠢᠨ᠎ᠠ᠃      ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠡᠪᠡᠰᠦ  ᠪᠣᠷᠳᠣᠭᠠᠨ ᠤ ᠪᠠᠲᠤᠯᠠᠭ᠎ᠠ ᠬᠠᠩᠭᠠᠵᠤ᠂ ᠲᠥᠯ ᠲᠣᠰᠴᠤ ᠪᠣᠶᠢᠵᠢᠭᠤᠯᠬᠤ ᠪᠠ ᠬᠠᠪᠤᠷ ᠤᠨ ᠤᠯᠠᠷᠢᠯ ᠤᠨ ᠪᠡᠯᠴᠢᠭᠡᠷ  ᠰᠡᠷᠭᠦᠭᠡᠬᠦ ᠠᠵᠢᠯ ᠢ  ᠰᠠᠶᠢᠲᠤᠷ  ᠬᠢᠬᠦ ᠶᠢᠨ ᠲᠣᠰᠠᠳᠠ᠂ 3 ᠰᠠᠷ᠎ᠠ ᠶᠢᠨ 4 ᠤ ᠡᠳᠦᠷ᠂ ᠪᠠᠷᠠᠭᠤᠨ ᠦᠵᠦᠮᠦᠴᠢᠨ  ᠬᠤᠰᠢᠭᠤ ᠲᠥᠪᠯᠡᠷᠡᠭᠦᠯᠦᠨ  ᠨᠥᠭᠡᠴᠡᠯᠡᠭᠰᠡᠨ ᠬᠠᠭᠤᠷᠠᠢ ᠡᠪᠡᠰᠦ ᠪᠠ  ᠨᠤᠭᠤᠭᠠᠨ ᠳᠠᠷᠤᠰᠢ᠂  ᠬᠤᠯᠢᠮᠠᠭ ᠳᠡᠵᠢᠭᠡᠯ  ᠢ ᠪᠥᠬᠦ ᠬᠤᠰᠢᠭᠤᠨ ᠤ ᠬᠡᠪᠴᠢᠶᠡᠨ ᠳᠤ ᠨᠦᠬᠦᠪᠦᠷᠢ ᠲᠠᠢ ᠪᠤᠷᠤᠯᠠᠭᠤᠯᠬᠤ ᠠᠵᠢᠯ ᠢ ᠡᠬᠢᠯᠡᠭᠦᠯᠪᠡ  ᠃      ᠡᠪᠡᠰᠦ ᠪᠤᠷᠳᠤᠭᠠᠨ ᠤ ᠰᠠᠭᠤᠷᠢᠨ ᠭᠠᠵᠠᠷ ᠲᠤ᠂  ᠤᠯᠠᠨ ᠠᠴᠢᠶᠠᠨ ᠤ  ᠮᠠᠰᠢᠨ ᠡᠪᠡᠰᠦ ᠪᠣᠷᠳᠤᠭ᠎ᠠ  ᠲᠡᠭᠡᠭᠡᠪᠦᠷᠢᠯᠡᠵᠦ᠂ ᠠᠵᠢᠯᠲᠠᠳ ᠨᠢᠭᠡᠳ ᠨᠢᠭᠡ ᠪᠠᠷ ᠪᠦᠷᠢᠳᠬᠡᠨ ᠳᠠᠩᠰᠠᠯᠠᠵᠤ᠂  ᠡᠯ᠎ᠡ ᠲᠠᠯ᠎ᠠ ᠶᠢᠨ ᠠᠵᠢᠯ ᠡᠮᠬᠢ ᠵᠢᠷᠦᠮ ᠲᠠᠢ ᠶᠠᠪᠤᠭᠳᠠᠵᠤ  ᠪᠠᠶᠢᠪᠠ  ᠃  ᠲᠤᠰ ᠤᠳᠠᠭᠠᠨ ᠤ ᠨᠦᠬᠦᠪᠦᠷᠢ ᠲᠠᠢ ᠡᠪᠡᠰᠦ ᠲᠡᠵᠢᠭᠡᠯ ᠤᠨ  ᠲᠠᠷᠬᠠᠭᠠᠯᠲᠠ  ᠨᠢ ᠲᠡᠭᠡᠭᠡᠪᠦᠷᠢ ᠶᠢᠨ ᠵᠠᠷᠤᠳᠠᠯ ᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠲᠠᠩᠰᠠ ᠺᠡᠷᠲ  ᠪᠠᠶᠢᠭᠤᠯᠤᠭᠰᠠᠨ ᠶᠠᠳᠠᠭᠤ  ᠠᠴᠠ ᠠᠩᠭᠢᠵᠢᠷᠠᠭᠰᠠᠨ ᠡᠷᠦᠬᠡ ᠵᠢᠴᠢ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠮᠠᠯᠴᠢᠨ ᠡᠷᠦᠬᠡ ᠳᠤ ᠬᠤᠪᠢᠶᠠᠨ ᠲᠠᠷᠬᠠᠭᠠᠵᠤ  ᠂  ᠮᠠᠯᠴᠢᠳ  ᠤᠨ ᠨᠢᠳᠦᠨ ᠡᠮᠡᠨᠡᠬᠢ ᠡᠪᠡᠰᠦ ᠲᠡᠵᠢᠭᠡᠯ ᠲᠣᠲᠠᠭᠳᠠᠵᠤ ᠪᠠᠶᠢᠭ᠎ᠠ ᠲᠤᠯᠭᠠᠮ᠎ᠠ ᠠᠰᠠᠭᠤᠳᠠᠯ ᠢ ᠪᠦᠲᠦᠮᠵᠢᠲᠡᠢ  ᠰᠢᠢᠳᠪᠦᠷᠢᠡᠯᠨ᠂  ᠬᠠᠪᠤᠷ ᠤᠨ ᠤᠯᠠᠷᠢᠯ ᠤᠨ  ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠡᠪᠡᠰᠦ ᠪᠣᠷᠳᠣᠭᠠᠨ ᠤ  ᠬᠠᠩᠭᠠᠯᠭ᠎ᠠ ᠶᠢ  ᠪᠠᠲᠤᠯᠠᠵᠤ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ ᠪᠠ ᠪᠡᠯᠴᠢᠭᠡᠷ ᠰᠡᠷᠭᠦᠭᠡᠬᠦ ᠠᠵᠢᠯ ᠳᠤ  ᠰᠠᠭᠤᠷᠢ ᠲᠠᠯᠪᠢᠭᠰᠠᠨ ᠪᠠᠶᠢᠨ᠎ᠠ᠃      ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠮᠠᠯ  ᠪᠡᠯᠴᠢᠭᠡᠷ ᠢ ᠲᠡᠩᠴᠡᠭᠦᠷᠢᠰᠢᠭᠦᠯᠬᠦ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠡᠷᠭᠢᠯᠲᠡᠲᠦ ᠬᠥᠭᠵᠢᠯᠲᠡ ᠶᠢᠨ ᠰᠡᠳᠬᠢᠴᠡ ᠶᠢ ᠢᠳᠡᠪᠬᠢᠲᠡᠢ ᠰᠥᠪᠡᠭᠴᠢᠯᠡᠵᠦ᠂ ᠤᠳᠤ ᠦᠶ᠎ᠡ ᠶᠢᠨ ᠡᠪᠡᠰᠦ  ᠪᠤᠷᠳᠤᠭᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠡᠪᠡᠰᠦ ᠪᠣᠷᠳᠤᠭᠠᠨ ᠤ ᠠᠵᠤ ᠦᠢᠯᠡᠰ ᠢ  ᠬᠥᠭᠵᠢᠭᠦᠯᠦᠨ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠡᠪᠡᠰᠦ ᠪᠣᠷᠳᠤᠭ᠎ᠠ  ᠨᠥᠭᠡᠴᠡᠯᠡᠬᠦ ᠴᠢᠳᠠᠪᠤᠷᠢ ᠶᠢ  ᠳᠡᠭᠡᠭᠰᠢᠯᠡᠭᠦᠯᠵᠦ᠂  ᠤᠳᠤᠬᠢᠴᠢᠯᠠᠭᠰᠠᠨ ᠮᠠᠯ  ᠠᠵᠤ ᠠᠬᠤᠢ ᠶᠢᠨ ᠬᠦᠭᠵᠢᠯᠲᠡ ᠶᠢ ᠪᠥᠬᠦ ᠲᠠᠯ᠎ᠠ ᠪᠠᠷ ᠠᠬᠢᠭᠤᠯᠤᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号