︽ᠯᠧᠢ ᠹᠧᠩ ᠠᠴᠠ ᠰᠣᠷᠣᠯᠴᠠᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/3/12
       ᠰᠢ ᠶᠢᠨ ᠫᠢᠩ ᠶᠡᠷᠦᠩᠬᠡᠢ ᠱᠦᠵᠢ ᠶᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ‌ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠦᠢᠯᠡᠳᠦᠯᠭᠡᠵᠢᠭᠦᠯᠬᠦ ᠶᠢᠨ ᠲᠤᠰᠠᠳᠠ᠂ 61 ᠳ᠋ᠦ᠋ᠭᠡᠷ ︽3 · 5 ᠤ ᠯᠧᠢ ᠹᠧᠩ ᠠᠴᠠ ᠰᠤᠷᠤᠯᠴᠠᠬᠤ ᠡᠳᠦᠷ︾ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 4 ᠤ    ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠵᠥᠪᠯᠡᠯ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ   ᠳᠠᠭᠠᠭᠠᠴᠢᠯᠠᠨ ᠡᠷᠭᠢᠯᠡᠭᠰᠡᠨ ︽ᠯᠧᠢ ᠹᠧᠩ ᠠᠴᠠ ᠰᠤᠷᠤᠯᠴᠠᠵᠤ · ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠵᠠᠭᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠲᠠᠩᠬᠢᠮ ᠳᠤ ᠶᠠᠪᠤᠭᠳᠠᠪᠠ᠃
          ᠡᠬᠢᠯᠡᠯᠲᠡ ᠶᠢᠨ ᠶᠣᠰᠣᠯᠠᠯ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ︽ᠯᠧᠢ ᠹᠧᠩ ᠠᠴᠠ ᠰᠤᠷᠤᠯᠴᠠᠬᠤ ᠵᠢᠴᠢ ︿ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠵᠠᠭᠠᠶ᠎ᠠ﹀ ᠭᠡᠬᠦ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠢ ᠥᠷᠭᠡᠨ ᠣᠯᠠᠨ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠂ ᠯᠧᠢ ᠹᠧᠩ ᠤᠨ ᠵᠣᠷᠢᠭ ᠰᠠᠨᠠᠭ᠎ᠠ ᠶᠢ  ᠤᠯᠠᠮᠵᠢᠯᠠᠨ ᠪᠠᠳᠠᠷᠠᠭᠤᠯᠵᠤ᠂ ᠣᠯᠠᠨ ᠬᠡᠯᠪᠡᠷᠢ ᠮᠠᠶ᠋ᠢᠭ ᠢᠶᠠᠷ ᠪᠠᠶᠠᠯᠢᠭ ᠠᠭᠤᠯᠭ᠎ᠠ  ᠲᠠᠢ ᠪᠥᠭᠡᠳ ᠥᠪᠡᠷ ᠥᠪᠡᠷ ᠤᠨ ᠠᠵᠢᠯ ᠤᠨ ᠣᠨᠴᠠᠯᠢᠭ ᠢ ᠬᠠᠷᠠᠭᠤᠯᠤᠭᠰᠠᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ  ᠪᠣᠯᠭᠠᠬᠤ ᠶᠢ ᠤᠷᠢᠶᠠᠯᠠᠵᠠᠢ᠃      2023 ᠣᠨ ᠳᠤ ᠪᠦᠭᠦ ᠬᠤᠰᠢᠭᠤᠨ ᠤ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠤᠷᠠᠴᠤᠤᠯ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠨᠡᠶᠢᠭᠡᠮ ᠲᠣᠭᠤᠷᠢᠭ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠶᠠᠳᠠᠭᠤ ᠶᠢ ᠲᠡᠳᠬᠦᠵᠦ ᠬᠦᠴᠢᠷᠳᠡᠯ ᠲᠠᠢ ᠶᠢ ᠲᠤᠰᠠᠯᠠᠬᠤ ᠵᠡᠷᠭᠡ ᠲᠠᠯ᠎ᠠ ᠪᠠᠷ ᠠᠷᠠᠳ ᠲᠤ ᠠᠰᠢᠭ ᠬᠦᠷᠲᠡᠭᠡᠬᠦ ᠪᠠᠶᠠᠯᠢᠭ ᠠᠭᠤᠯᠭ᠎ᠠ ᠪᠦᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠬᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠡᠢ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢᠨ ᠲᠥᠯᠥᠭᠡ᠂ 14 ᠬᠠᠮᠤᠭ ᠤᠨ ᠭᠤᠶᠣ ᠰᠠᠶᠢᠨ ᠳᠤᠷ᠎ᠠ  ᠶᠢᠨ ᠦᠢᠯᠡᠴᠢᠯᠡᠭᠴᠢ᠂ 7 ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ 7 ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ ᠭᠠᠴᠠᠭᠠᠨ ︵ᠨᠡᠶᠢᠭᠡᠮ ᠲᠣᠭᠤᠷᠢᠭ︶ ᠳᠤ ᠱᠠᠩᠨᠠᠯ ᠣᠯᠭᠤᠵᠤ᠂ ᠨᠡᠶᠢᠭᠡᠮ ᠤᠨ ᠨᠠᠩ ᠣᠯᠠᠨ ᠬᠠᠶᠢᠷ᠎ᠠ ᠬᠠᠯᠠᠮᠵᠢᠲᠤ ᠬᠥᠮᠥᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠲᠤ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠬᠥᠲᠥᠯᠥᠨ ᠵᠢᠯᠤᠭᠤᠳᠴᠤ᠂  ᠰᠠᠶᠢᠨ ᠳᠤᠷ᠎ᠠ ᠶᠢᠨ  ᠠᠵᠢᠯᠯᠠᠭ᠎ᠠ ᠳᠤ  ᠪᠥᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠪᠠ᠃
         ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠨᠠᠮ ᠤᠨ ᠭᠡᠰᠢᠭᠦᠳ ᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠢᠳᠡᠪᠬᠢᠲᠡᠢ ᠪᠠᠷ ᠬᠥᠳᠡᠯᠦᠯᠴᠡᠵᠦ᠂ ᠥᠪᠡᠷ ᠠᠴᠠ ᠪᠠᠨ ᠡᠬᠢᠯᠡᠨ ᠪᠠᠭ᠎ᠠ ᠶᠠᠪᠤᠳᠠᠯ ᠠᠴᠠ ᠡᠬᠢᠯᠡᠨ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠪᠠᠷᠠᠭᠤᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠥᠩᠭᠡ ᠬᠡᠷᠡᠯ ᠨᠡᠮᠡᠷᠢᠯᠡᠵᠦ᠂ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠯ ᠲᠠᠢ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠤᠷᠢᠶᠠᠯᠠᠵᠠᠢ᠃      ᠡᠬᠢᠯᠡᠯᠲᠡ ᠶᠢᠨ ᠶᠣᠰᠣᠯᠠᠯ ᠳᠤ ᠪᠠᠰᠠ ᠪᠥᠵᠢᠭ᠂ ᠳᠠᠭᠤᠤ᠂ ᠰᠢᠯᠦᠭ ᠵᠡᠷᠭᠡ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号