ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2024 ᠣᠨ ᠤ ᠬᠠᠪᠤᠷ  ᠤᠨ ᠤᠯᠠᠷᠢᠯ ᠤᠨ ᠲᠠᠯ᠎ᠠ  ᠨᠤᠳᠤᠭ ᠤᠢ ᠰᠢᠭᠤᠢ ᠶᠢᠨ ᠭᠠᠯ ᠳᠦᠢᠮᠡᠷ ᠢ ᠰᠡᠷᠭᠡᠶᠢᠯᠡᠭᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/12
     ᠪᠦᠬᠦ ᠬᠤᠰᠢᠭᠤᠨ ᠤ ᠬᠠᠪᠤᠷ ᠤᠨ ᠤᠯᠠᠷᠢᠯ ᠤᠨ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠠᠵᠢᠯ  ᠢ ᠤᠯᠠᠮ ᠨᠢᠭᠡ ᠠᠯᠬᠤᠮ ᠰᠠᠶᠢᠳᠤᠷ ᠬᠢᠵᠦ᠂ ᠲᠠᠯ᠎ᠠ ᠨᠤᠳᠤᠭ ᠤᠢ ᠰᠢᠭᠤᠢ ᠶᠢᠨ ᠭᠠᠯ ᠲᠤᠶᠢᠮᠠᠷ ᠡᠭᠦᠰᠭᠦ ᠶᠢ ᠡᠷᠡᠰ ᠬᠤᠷᠢᠭᠯᠠᠨ᠂ ᠠᠷᠠᠳ ᠤᠯᠠᠨ ᠤ ᠠᠮᠢ ᠨᠠᠰᠤ ᠡᠳ᠋ ᠭᠦᠷᠦᠩᠭᠡ ᠶᠢᠨ ᠠᠮᠤᠷ ᠲᠦᠪᠰᠢᠨ ᠪᠠ ᠲᠠᠯ᠎ᠠ ᠨᠤᠳᠤᠭ ᠤᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠳᠤᠯᠠᠬᠤ ᠶᠢᠨ ᠲᠤᠯᠠᠳᠠ᠂ ︽ᠲᠠᠯ᠎ᠠ ᠨᠤᠳᠤᠭ ᠤᠨ ᠭᠠᠯ ᠰᠡᠷᠭᠡᠶᠢᠯᠡᠭᠦ ᠲᠦᠷᠢᠮ︾᠂ ︽ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠲᠦᠷᠢᠮ︾ ᠢ      ᠦᠨᠳᠤᠰᠦᠯᠠᠨ᠂ ᠳᠣᠣᠷᠠᠬᠢ ᠮᠡᠲᠦ ᠵᠠᠷᠯᠠᠶ᠎ᠠ᠄     ᠨᠢᠭᠡ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠭᠦ ᠬᠤᠭᠤᠴᠠᠭ᠎ᠠ᠄ 2024 ᠤᠨ ᠤ 3 ᠰᠠᠷ᠎ᠠ ᠶᠢᠨ 15  ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠃     ᠬᠤᠶᠠᠷ᠂ ᠭᠠᠯ ᠰᠡᠷᠭᠡᠶᠢᠯᠡᠭᠦ ᠤᠷᠤᠨ ᠬᠡᠪᠴᠢᠶ᠎ᠡ᠄ ᠡᠯ᠎ᠡ ᠰᠤᠮᠤ ᠪᠠᠯᠭᠠᠰᠤᠨ ᠤ ᠰᠠᠭᠤᠭᠠᠯᠢ ᠲᠤᠭᠤᠷᠢᠭ ᠠᠴᠠ ᠪᠤᠰᠤᠳ ᠪᠦᠬᠦ ᠬᠤᠰᠢᠭᠤᠨ ᠤ ᠲᠠᠯ᠎ᠠ ᠨᠣᠲᠤᠭ ᠤᠢ ᠰᠢᠭᠤᠢ ᠶᠢᠨ ᠤᠷᠤᠨ ᠨᠢ ᠪᠦᠬᠦᠨ ᠢᠶᠠᠷ ᠢᠶᠠᠨ ᠭᠠᠯ ᠰᠡᠷᠭᠡᠶᠢᠯᠡᠬᠦ ᠬᠡᠪᠴᠢᠶᠡᠨ ᠳᠤ ᠪᠠᠭᠲᠠᠨ᠎ᠠ᠃     ᠭᠤᠷᠪᠠ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠭᠦ ᠬᠤᠭᠤᠴᠠᠭᠠᠨ ᠳᠤ᠂ ᠲᠠᠯ᠎ᠠ ᠨᠤᠳᠤᠭ ᠤᠶᠢᠳᠤ ᠤᠷᠤᠨ  ᠳᠤ ᠭᠡᠭᠡᠷ᠎ᠡ ᠭᠠᠳᠠᠨ᠎ᠠ ᠭᠠᠯ ᠭᠡᠷᠡᠭᠯᠡᠭᠦ ᠶᠢ ᠡᠷᠡᠰ ᠴᠠᠭᠠᠵᠠᠯᠠᠵᠤ᠂ ᠡᠯ᠎ᠡ ᠨᠢᠭᠡᠴᠠ ᠪᠠ ᠰᠠᠭᠤᠭᠠᠯᠢ ᠠᠷᠠᠳ ᠨᠢ ᠦᠢᠯᠡᠳᠪᠦᠷᠢᠯᠡᠯ ᠠᠮᠢᠳᠤᠷᠠᠯ ᠲᠤᠮᠳᠠ ᠭᠠᠯ ᠭᠡᠷᠡᠭᠯᠡᠭᠦ ᠳᠡᠭᠡᠨ ᠡᠷᠭᠡᠪᠰᠢ ᠵᠠᠷᠯᠠᠯ ᠤᠨ ᠲᠤᠭᠲᠠᠭᠠᠯ ᠢ ᠡᠷᠡᠰ ᠭᠡᠷᠡᠭᠵᠢᠭᠦᠯᠦᠨ᠂ ᠲᠠᠪᠤᠨ ᠲᠡᠰ ᠠᠴᠠ ᠲᠡᠭᠡᠭᠰᠢᠬᠢ ᠰᠠᠯᠬᠢᠨ ᠲᠠᠢ ᠡᠳᠦᠷ ᠠᠯᠢᠪᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃     ᠲᠦᠷᠪᠡ᠂ ᠲᠠᠯ᠎ᠠ ᠨᠤᠲᠤᠭ ᠣᠢ ᠰᠢᠭᠤᠢ ᠶᠢᠨ ᠭᠠᠯ ᠢ ᠰᠡᠷᠭᠡᠶᠢᠯᠡᠭᠦ ᠬᠤᠭᠤᠴᠠᠭᠠᠨ ᠳᠤ᠂ ᠲᠠᠯ᠎ᠠ ᠨᠤᠳᠤᠭ ᠤᠶᠢᠳᠤ ᠤᠷᠤᠨ ᠳᠤ ᠬᠤᠭ ᠨᠤᠪᠰᠢ ᠰᠢᠳᠠᠭᠠᠬᠤ᠂ ᠡᠪᠡᠰᠦ ᠰᠢᠳᠠᠭᠠᠬᠤ᠂ ᠲᠠᠮᠠᠬᠢ ᠲᠠᠳᠠᠬᠤ᠂ ᠴᠠᠭᠠᠰᠤ ᠰᠢᠳᠠᠭᠠᠬᠤ᠂ ᠬᠦᠵᠢ ᠰᠢᠲᠠᠭᠠᠬᠤ᠂ ᠭᠠᠯ ᠰᠢᠷᠠᠯᠠᠭ᠎ᠠ᠂ ᠭᠡᠭᠡᠷ᠎ᠡ ᠭᠠᠳᠠᠨ᠎ᠠ ᠬᠤᠭᠤᠯᠯᠠᠬᠤ ᠪᠠ ᠫᠤᠤᠵᠢᠩ ᠲᠠᠯᠪᠢᠬᠤ᠂ ᠳ᠋ᠧᠩᠯᠤ ᠠᠰᠠᠭᠠᠬᠤ ᠵᠡᠷᠭᠡ ᠭᠡᠭᠡᠷ᠎ᠡ ᠭᠠᠳᠠᠨ᠎ᠠ ᠭᠠᠯ ᠭᠡᠷᠡᠭᠯᠡᠭᠦ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠡᠯ᠎ᠡ ᠰᠤᠮᠤ ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ᠨᠢ ᠴᠠᠭᠳᠠᠨ ᠪᠠᠶᠢᠴᠠᠭᠠᠯᠳᠠ ᠪᠠᠨ ᠴᠢᠩᠭᠠᠳᠬᠠᠨ᠂ ᠭᠡᠭᠡᠷ᠎ᠡ ᠭᠠᠳᠠᠨ᠎ᠠ ᠭᠠᠯ ᠭᠡᠷᠡᠭᠯᠡᠭᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠲᠠᠯ᠎ᠠ ᠨᠤᠳᠤᠭ ᠤᠶᠢᠳᠤ ᠤᠷᠤᠨ ᠳᠤ ᠭᠠᠯ ᠠᠰᠠᠭᠠᠬᠤ ᠪᠤᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠨ᠎ᠠ᠃ ᠭᠠᠯ ᠰᠡᠷᠭᠡᠶᠢᠯᠡᠭᠦ ᠤᠷᠤᠨ ᠳᠤ ᠭᠠᠯ ᠰᠡᠷᠭᠡᠶᠢᠯᠡᠭᠦ ᠲᠦᠭᠦᠭᠡᠷᠦᠮᠵᠢ ᠤᠭᠰᠠᠷᠠᠭᠰᠠᠨ ᠦᠭᠡᠢ ᠲᠡᠷᠭᠡ ᠤᠨᠤᠭ᠎ᠠ ᠶᠢ ᠵᠢᠯᠣᠭᠤᠳᠤᠨ ᠤᠷᠤᠬᠤ ᠶᠢ ᠴᠠᠭᠠᠵᠠᠯᠠᠵᠦ᠂ ᠭᠠᠯ ᠤᠨ ᠠᠶᠤᠯ ᠤᠨ ᠲᠠᠯᠳᠠ ᠭᠡᠮ ᠰᠤᠭᠤᠭ ᠢ ᠡᠷᠡᠰ ᠬᠤᠷᠢᠭᠯᠠᠬᠤ ᠭᠡᠷᠡᠭᠲᠡᠢ᠃     ᠲᠠᠪᠤ᠂ ᠰᠡᠷᠭᠡᠶᠢᠯᠡᠨ ᠬᠠᠮᠢᠶᠠᠷᠤᠯᠲᠠ ᠶᠢ ᠪᠦᠭᠦ ᠲᠠᠯ᠎ᠠ ᠪᠠᠷ ᠬᠢᠭᠰᠡᠨ ᠰᠠᠭᠤᠷᠢᠨ ᠲᠡᠭᠡᠷ᠎ᠡ᠂ ᠡᠯ᠎ᠡ ᠰᠤᠮᠤ   ᠪᠠᠯᠭᠠᠰᠤ᠂ ᠭᠦᠷᠦᠭᠡᠰᠦᠳᠠᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ᠂ ᠡᠯ᠎ᠡ ᠬᠤᠯᠪᠤᠭᠳᠠᠯ ᠪᠦᠭᠦᠢ ᠪᠠᠶᠢᠭᠤᠯᠭ᠎ᠠ ᠨᠢᠭᠡᠴᠠ ᠨᠢ ᠠᠭᠤᠯᠠ ᠲᠤᠪᠤᠴᠠᠭ᠂ ᠭᠤᠤ ᠰᠤᠪᠠᠭ᠂ ᠤᠶᠢᠳᠤ ᠤᠷᠤᠨ ᠢ ᠪᠠᠶᠢᠴᠠᠭᠠᠬᠤ ᠠᠵᠢᠯ ᠢ ᠲᠠᠷᠤᠶᠢᠬᠠᠨ ᠦᠷᠨᠢᠭᠦᠯᠵᠤ᠂ ᠭᠠᠯ ᠰᠡᠷᠭᠡᠶᠢᠯᠡᠬᠦ ᠣᠷᠣᠨ ᠳᠤ ᠲᠤᠷ᠎ᠠ ᠪᠠᠷ ᠢᠶᠠᠨ ᠤᠷᠤᠭᠰᠠᠨ ᠰᠤᠯᠠ ᠭᠦᠮᠦᠰ ᠢ ᠪᠦᠭᠦᠨ ᠢ ᠴᠢᠩᠭ᠎ᠠ ᠬᠠᠮᠢᠶᠠᠷᠤᠯᠳᠠ ᠶᠢᠨ ᠤᠷᠤᠨ ᠠᠴᠠ ᠭᠠᠷᠭᠠᠬᠤ ᠬᠡᠷᠡᠭᠲᠡᠢ᠃ ᠬᠠᠮᠢᠶᠠᠷᠤᠯᠳᠠ ᠶᠢ ᠲᠠᠭᠠᠬᠤ ᠦᠭᠡᠢ ᠪᠤᠶᠤ ᠵᠤᠷᠢᠭᠤᠳᠠ ᠵᠦᠷᠢᠴᠡᠭᠰᠡᠳ ᠢ ᠲᠤᠭᠳᠠᠭᠠᠯ ᠶᠤᠰᠤᠭᠠᠷ ᠴᠢᠩᠭ᠎ᠠ ᠰᠢᠳᠭᠡᠵᠤ᠂ ᠪᠠᠶᠢᠳᠠᠯ ᠨᠢ ᠭᠦᠨᠳᠤ ᠨᠤᠴᠢᠳᠠᠢ ᠪᠤᠯ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠭᠦ ᠭᠡᠷᠡᠭᠲᠡᠢ᠃     ᠵᠢᠷᠭᠤᠭ᠎ᠠ᠂ ᠲᠠᠯ᠎ᠠ ᠨᠤᠳᠤᠭ ᠤᠢ ᠰᠢᠭᠤᠢ ᠶᠢᠨ ᠭᠠᠯ ᠰᠡᠷᠭᠡᠶᠢᠯᠡᠭᠦ ᠬᠤᠭᠤᠴᠠᠭᠠᠨ ᠳᠤ᠂ ᠡᠯ᠎ᠡ ᠰᠤᠮᠤ   ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ᠂ ᠨᠡᠶᠢᠭᠡᠮ ᠤᠨ ᠪᠦᠯᠭᠦᠮ᠂ ᠠᠵᠤ ᠠᠬᠤᠶᠢᠯᠠᠯ ᠠᠵᠢᠯ ᠤᠶᠢᠯᠠᠰ ᠤᠨ ᠨᠢᠭᠡᠴᠠ᠂ ᠭᠠᠯ ᠰᠡᠷᠭᠡᠶᠢᠯᠡᠭᠦ ᠠᠩᠬᠢ᠂ ᠥᠷᠭᠡᠨ ᠣᠯᠠᠨ ᠺᠠᠳ᠋ᠷ ᠤᠯᠠᠨ ᠲᠦᠮᠡᠨ ᠵᠢᠴᠢ ᠭᠠᠳᠠᠨ᠎ᠠ  ᠠᠴᠠ ᠢᠷᠡᠭᠰᠡᠨ ᠭᠦᠮᠦᠰ ᠤᠨ ᠲᠠᠯ᠎ᠠ ᠨᠤᠳᠤᠭ ᠤᠶᠢᠳᠤ ᠤᠷᠤᠨ ᠳᠠᠬᠢ ᠠᠯᠢᠪᠠ ᠠᠵᠢᠯᠯᠠᠭ᠎ᠠ ᠨᠢ ᠡᠷᠭᠡᠪᠰᠢ ᠭᠠᠯ ᠰᠡᠷᠭᠡᠶᠢᠯᠡᠭᠦ ᠪᠦᠭᠦ ᠲᠠᠯ᠎ᠠ ᠶᠢᠨ ᠠᠵᠢᠯ ᠪᠤᠯᠤᠨ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠵᠢᠯᠤᠭᠤᠳᠬᠤ ᠭᠡᠯᠳᠡᠰ ᠤᠨ ᠨᠢᠭᠡᠳᠦᠯᠳᠠᠢ ᠵᠢᠯᠤᠭᠤᠳᠤᠯᠭ᠎ᠠ ᠶᠢ ᠲᠠᠭᠠᠬᠤ ᠭᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠠ ᠪᠠ ᠬᠤᠪᠢ ᠭᠦᠮᠦᠨ ᠨᠢ ᠲᠠᠯ᠎ᠠ ᠨᠤᠳᠤᠭ ᠤᠢ ᠰᠢᠭᠤᠢ ᠶᠢᠨ ᠭᠠᠯ ᠤᠨ ᠠᠶᠤᠯ ᠢ ᠣᠯᠵᠦ ᠮᠡᠳᠡᠪᠡᠯ᠂ ᠴᠠᠭ ᠲᠤᠬᠠᠢ ᠳᠤ ᠨᠢ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠢ ᠮᠡᠳᠡᠭᠦᠯᠭᠦ ᠤᠳᠠᠰᠤ  ᠳᠤ ᠤᠳᠠᠰᠤᠳᠠᠨ ᠮᠡᠳᠡᠬᠦᠯᠵᠦ᠂ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠵᠢᠯᠤᠭᠤᠳᠬᠤ ᠭᠡᠯᠳᠡᠰ ᠤᠨ ᠠᠯᠪᠠᠨ ᠭᠡᠷ ᠨᠢ ᠮᠡᠳᠡᠬᠦᠯᠦᠯᠳᠡ ᠶᠢ ᠲᠤᠰᠤᠭᠰᠠᠨ ᠤ ᠲᠠᠷᠠᠭ᠎ᠠ᠂ ᠲᠠᠷᠤᠶᠢᠬᠠᠨ ᠬᠤᠰᠢᠭᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠭᠦ ᠶᠢᠨ ᠬᠠᠮᠳᠤ ᠬᠠᠮᠢᠶ᠎ᠠ ᠪᠦᠭᠦᠢ ᠠᠷᠭ᠎ᠠ ᠬᠡᠮᠵᠢᠶ᠎ᠡ ᠶᠢ ᠠᠪᠴᠤ ᠭᠠᠯ ᠢ ᠤᠨᠳᠠᠷᠠᠭᠠᠬᠤ ᠭᠡᠷᠡᠭᠲᠡᠢ᠃     ᠲᠤᠯᠤᠭ᠎ᠠ᠂ ︽ᠤᠷᠢᠳᠴᠢᠯᠠᠨ ᠰᠡᠷᠭᠡᠶᠢᠯᠡᠭᠦ ᠪᠠᠷ ᠭᠤᠤᠯ ᠪᠤᠯᠭᠠᠵᠤ᠂ ᠳᠠᠷᠤᠶᠢᠬᠠᠨ ᠤᠨᠳᠠᠷᠠᠭᠠᠬᠤ︾ ᠴᠢᠭᠯᠡᠯᠳᠠ  ᠶᠢ ᠪᠠᠷᠢᠮᠳᠠᠯᠠᠨ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠭᠦ ᠦᠢᠯᠡᠴᠢᠯᠡᠭᠡᠨ ᠤ ᠲᠥᠪ ᠨᠢ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠭᠰᠠᠨ ᠲᠦᠰᠦᠪ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠡᠳ᠋ ᠪᠤᠳᠠᠰ ᠢ ᠭᠦᠢᠴᠡᠳ ᠪᠡᠯᠡᠳᠬᠡᠨ᠂ ᠭᠠᠯ ᠤᠨᠳᠠᠷᠠᠭᠠᠬᠤ ᠪᠡᠯᠡᠳᠭᠡᠯ ᠠᠵᠢᠯ ᠢ ᠰᠠᠶᠢᠳᠤᠷ ᠬᠢᠭᠦ ᠭᠡᠷᠡᠭᠲᠡᠢ᠃ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ ᠨᠢ ᠭᠠᠯ ᠰᠡᠷᠭᠡᠶᠢᠯᠡᠭᠦ ᠠᠵᠢᠯ ᠢ ᠤᠳᠤᠬᠠᠨ ᠤ ᠠᠵᠢᠯ ᠤᠨ ᠭᠤᠤᠯᠳᠠᠯᠭ᠎ᠠ ᠪᠤᠯᠭᠠᠨ᠂ ᠵᠠᠰᠠᠭ ᠵᠠᠬᠢᠷᠭᠠᠨ ᠤ ︽ᠨᠢᠭᠡᠳᠦᠭᠡᠷ ᠬᠠᠷᠢᠭᠤᠴᠠᠯᠭᠠᠳᠠᠨ︾ ᠤ ᠬᠠᠷᠢᠭᠤᠴᠠᠬᠤ ᠲᠦᠷᠢᠮ ᠢᠶᠠᠷ ᠭᠤᠤᠯ ᠪᠤᠯᠭᠠᠭᠰᠠᠨ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ   ᠲᠤᠳᠤᠷᠬᠠᠶᠢᠯᠠᠨ᠂ ᠠᠵᠢᠯ ᠤᠨ ᠬᠤᠪᠢᠶᠠᠷᠢ ᠪᠠᠨ ᠨᠠᠷᠢᠯᠢᠭᠵᠢᠭᠤᠯᠵᠤ᠂ ᠡᠯ᠎ᠡ ᠲᠦᠷᠦᠯ ᠤᠨ ᠬᠠᠷᠢᠭᠤᠴᠠᠯᠭ᠎ᠠ ᠶᠢᠨ ᠠᠷᠭ᠎ᠠ ᠠᠪᠴᠠᠯ ᠢ ᠭᠠᠯ ᠰᠡᠷᠭᠡᠶᠢᠯᠡᠬᠦ ᠤᠷᠤᠨ ᠪᠠ ᠭᠠᠯ ᠰᠡᠷᠭᠡᠶᠢᠯᠡᠭᠦ ᠠᠵᠢᠯ ᠤᠨ ᠡᠯ᠎ᠡ ᠭᠤᠭᠴᠤᠭᠠᠨ ᠳᠤ ᠨᠠᠶᠢᠳᠠᠪᠤᠷᠢᠵᠢᠭᠤᠯᠬᠤ   ᠭᠡᠷᠡᠭᠲᠡᠢ᠃ ᠭᠤᠤᠯ ᠤᠳᠤᠷᠢᠳᠤᠯᠭ᠎ᠠ ᠦᠪᠡᠷ ᠤᠨ ᠪᠡᠶ᠎ᠡ ᠪᠠᠷ ᠢᠶᠠᠨ ᠲᠦᠷᠦᠭᠦᠯᠡᠨ ᠭᠠᠯ ᠰᠡᠷᠭᠡᠶᠢᠯᠡᠭᠦ ᠠᠵᠢᠯ ᠢ ᠪᠠᠶᠢᠷᠢᠯᠠᠭᠤᠯᠵᠤ᠂ ᠡᠯ᠎ᠡ ᠲᠦᠷᠦᠯ ᠤᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ  ᠢ ᠦᠪᠡᠷ ᠤᠨ ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠵᠤ᠂ ᠭᠠᠯ ᠤᠨ ᠠᠶᠤᠯ ᠭᠠᠷᠪᠠᠯ ᠡᠮᠦᠨ᠎ᠠ ᠹᠷᠤᠨᠲ ᠳᠤ ᠦᠪᠡᠷ  ᠤᠨ ᠪᠡᠶ᠎ᠡ ᠪᠠᠷ ᠢᠶᠠᠨ ᠵᠢᠯᠤᠭᠤᠳᠤᠨ ᠭᠠᠯ ᠤᠨᠳᠠᠷᠠᠭᠠᠬᠤ ᠭᠡᠷᠡᠭᠲᠡᠢ᠃     ᠨᠠᠢᠮᠠ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ᠨᠢ ᠭᠠᠯ ᠤᠨ ᠪᠠᠶᠢᠳᠠᠯ ᠢ ᠴᠠᠭ ᠢᠮᠠᠭᠳᠠ ᠪᠦᠬᠦ ᠲᠠᠯ᠎ᠠ ᠪᠠᠷ ᠬᠢᠨᠠᠨ ᠪᠠᠶᠢᠴᠠᠭᠠᠵᠦ᠂ ᠭᠠᠯ ᠡᠭᠦᠰᠦᠭᠰᠡᠨ ᠰᠢᠯᠳᠠᠭᠠᠨ ᠪᠠ ᠬᠠᠨᠳᠤᠰᠢ ᠶᠢ ᠴᠠᠭ ᠲᠤᠬᠠᠢ ᠳᠤᠨᠢ ᠡᠵᠡᠮᠰᠢᠭᠦ ᠭᠡᠷᠡᠭᠲᠡᠢ᠃ ᠣᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠲᠤᠰᠬᠠᠢ ᠮᠡᠷᠭᠡᠵᠢᠯ ᠤᠨ ᠪᠠ ᠬᠠᠭᠠᠰ ᠲᠤᠰᠬᠠᠶᠢᠵᠢᠭᠰᠠᠨ ᠭᠠᠯ ᠤᠨᠲᠠᠷᠠᠭᠠᠬᠤ ᠠᠩᠭᠢ  ᠨᠢ ᠴᠠᠭ ᠢᠮᠠᠭᠳ᠋ᠨ ᠪᠡᠯᠡᠬᠡᠨ ᠪᠠᠶᠢᠳᠠᠯ ᠳᠤ ᠪᠠᠶᠢᠵᠦ᠂ ᠡᠯ᠎ᠡ ᠪᠠᠶᠢᠭᠤᠯᠭ᠎ᠠ ᠨᠢᠭᠡᠴᠡ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢᠶᠠᠨ ᠭᠦᠢᠴᠡᠳ ᠪᠡᠯᠡᠳᠬᠡᠨ᠂ ᠭᠠᠯ ᠤᠨᠲᠠᠷᠠᠭᠠᠬᠤ ᠪᠠᠭᠠᠵᠢ ᠳᠦᠬᠦᠭᠡᠷᠦᠮᠵᠢ ᠪᠠᠨ ᠰᠠᠯᠪᠢᠨ ᠵᠠᠰᠠᠵᠦ᠂ ᠭᠠᠯ ᠲᠤᠶᠢᠮᠠᠷ ᠭᠠᠷᠪᠠᠯ ᠲᠠᠷᠤᠶᠢᠬᠠᠨ ᠬᠦᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠪᠦᠭᠦ ᠭᠦᠴᠦᠨ ᠢᠶᠠᠷ ᠢᠶᠠᠨ ᠭᠠᠯ ᠢ ᠤᠨᠳᠠᠷᠠᠭᠠᠨ᠂ ᠭᠠᠯ ᠲᠤᠶᠢᠮᠠᠷ ᠠᠴᠠ ᠪᠤᠯᠤᠭᠰᠠᠨ ᠬᠤᠬᠢᠷᠠᠯ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠳᠡᠢ᠃ ᠭᠠᠯ ᠤᠨᠲᠠᠷᠠᠭᠠᠬᠤ ᠶᠠᠪᠤᠴᠠ ᠳᠤ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠭᠡᠰᠢᠬᠦᠨ ᠪᠠᠶᠢᠭᠤᠯᠭ᠎ᠠ ᠨᠢᠭᠡᠴᠠ ᠨᠢ ᠰᠠᠶᠢᠳᠤᠷ ᠬᠠᠮᠵᠢᠯᠴᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠠᠪᠤᠷᠠᠨ ᠳᠤᠰᠠᠯᠠᠬᠤ ᠪᠠ ᠦᠢᠯᠡᠴᠢᠯᠡᠬᠦ ᠠᠵᠢᠯ ᠢ ᠴᠠᠭ ᠲᠤᠬᠠᠢ ᠳᠤᠨᠢ ᠰᠠᠶᠢᠳᠤᠷ ᠬᠢᠬᠦ ᠬᠡᠷᠡᠭᠳᠡᠢ᠃     ᠶᠢᠰᠦ᠂ ᠡᠯ᠎ᠡ ᠰᠤᠮᠤ ᠪᠠᠯᠭᠠᠰᠤ᠂ ᠭᠦᠷᠦᠭᠡᠰᠦᠳᠡᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠭᠠᠵᠠᠷ ᠨᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠲᠠᠭᠠᠭᠤᠯᠤᠨ ᠵᠢᠵᠢᠭᠦᠷᠯᠡᠭᠦ ᠳᠦᠷᠢᠮ ᠢ ᠪᠠᠷᠢᠮᠳᠠᠯᠠᠨ᠂ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠬᠤ᠂ ᠬᠤᠴᠤᠷᠬᠤ ᠵᠡᠷᠭᠡ ᠪᠠᠶᠢᠳᠠᠯ ᠡᠭᠦᠰᠭᠦ ᠶᠢ ᠴᠢᠩᠭ᠎ᠠ ᠴᠠᠭᠠᠵᠠᠯᠠᠵᠦ᠂ ᠵᠠᠰᠠᠭ ᠤᠨ ᠵᠠᠷᠯᠢᠭ ᠪᠠ ᠭᠠᠯ ᠤᠨ ᠪᠠᠶᠢᠳᠠᠯ ᠤᠨ ᠮᠡᠳᠡᠭᠡ ᠵᠠᠩᠭᠢ ᠶᠢ ᠰᠠᠭᠠᠳ ᠦᠭᠡᠢ ᠳᠠᠮᠵᠢᠭᠤᠯᠬᠤ ᠶᠢ ᠪᠠᠳᠤᠯᠠᠬᠤ ᠬᠡᠷᠡᠭᠳᠡᠢ᠃ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠲᠠᠯ᠎ᠠ ᠨᠤᠲᠤᠭ ᠤᠢ ᠰᠢᠭᠤᠢ ᠶᠢᠨ ᠭᠠᠯ ᠳᠦᠢᠮᠡᠷ ᠤᠨ ᠮᠡᠳᠡᠭᠦᠯᠦᠯᠳᠡ ᠶᠢᠨ ᠳᠦᠷᠢᠮ ᠢ ᠴᠢᠩᠭ᠎ᠠ ᠭᠡᠷᠡᠭᠵᠢᠭᠦᠯᠵᠤ᠂ ᠲᠤᠭᠳᠠᠭᠠᠯ ᠶᠤᠰᠤᠭᠠᠷ ᠱᠠᠳᠤ ᠳᠠᠷᠠᠭᠠᠯᠠᠨ ᠳᠡᠭᠡᠭᠰᠢ ᠮᠡᠳᠡᠭᠦᠯᠭᠦ ᠭᠡᠷᠡᠭᠲᠡᠢ᠃ ᠣᠷᠣᠶᠢᠲᠠᠬᠤ᠂ ᠨᠢᠭᠤᠬᠤ᠂ ᠬᠤᠳᠠᠯ ᠢᠶᠠᠷ ᠮᠡᠳᠡᠬᠦᠯᠬᠦ ᠨᠡᠩ ᠴᠢᠨᠠᠭᠰᠢᠯᠠᠨ ᠮᠡᠳᠡᠬᠦᠯᠬᠦ ᠦᠭᠡᠢ ᠪᠠᠶᠢᠵᠦ ᠪᠣᠯᠬᠤ ᠦᠭᠡᠢ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠨᠢ ᠭᠠᠷ ᠤᠳᠠᠰᠤᠨ ᠤ ᠤᠬᠤᠷ ᠮᠡᠳᠡᠭᠡ᠂ ᠸᠢᠴᠠᠲ᠂ ᠪᠢᠴᠢᠯ ᠪᠦᠷᠭᠡ ᠵᠡᠷᠭᠡ ᠪᠠᠷ ᠬᠤᠳᠠᠯ ᠬᠠᠭᠤᠷᠮᠠᠭ ᠮᠡᠳᠡᠭᠡ ᠵᠠᠩᠭᠢ ᠶᠢ ᠳᠤᠷ᠎ᠠ ᠪᠠᠷ ᠢᠶᠠᠨ ᠳᠠᠮᠵᠢᠭᠤᠯᠵᠦ ᠪᠣᠯᠬᠤ ᠦᠭᠡᠢ᠂ ᠭᠡᠷᠪᠡ ᠪᠠᠶᠢᠴᠠᠭᠠᠨ ᠢᠯᠡᠷᠡᠭᠦᠯᠪᠡᠯ ᠴᠢᠩᠭ᠎ᠠ ᠪᠠᠷ ᠰᠢᠳᠬᠡᠨ᠎ᠡ᠃ ᠤᠬᠠᠭᠤᠯᠭ᠎ᠠ ᠶᠢᠨ ᠵᠠᠭᠤᠴᠢᠯᠠᠭᠤᠷ ᠨᠢ ᠲᠠᠯ᠎ᠠ ᠨᠤᠲᠤᠭ ᠤᠢ ᠰᠢᠭᠤᠢ ᠶᠢᠨ ᠭᠠᠯ ᠳᠦᠢᠮᠡᠷ ᠢ ᠰᠤᠨᠢᠨ ᠮᠡᠳᠡᠭᠡ ᠪᠠᠷ ᠮᠡᠳᠡᠭᠡᠯᠡᠬᠦ ᠳᠤᠭᠲᠠᠭᠠᠯ ᠢ ᠴᠢᠩᠭ᠎ᠠ ᠵᠢᠷᠤᠮᠯᠠᠨ᠂ ᠤᠬᠠᠭᠤᠯᠭ᠎ᠠ ᠮᠡᠳᠡᠭᠡᠯᠡᠯ ᠤᠨ ᠵᠥᠪ ᠤᠨᠤᠪᠴᠢᠳᠤ ᠴᠢᠨᠠᠷ ᠢ ᠪᠠᠳᠤᠯᠬᠠᠤ ᠬᠡᠷᠡᠭᠳᠡᠢ᠃     ᠠᠷᠪᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠳᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠯ ᠲᠦᠢᠮᠡᠷ ᠤᠨ ᠬᠡᠷᠡᠭ ᠤᠨ ᠮᠡᠳᠡᠬᠦᠯᠦᠯᠳᠡ ᠶᠢ ᠳᠠᠷᠤᠢ ᠲᠦᠷᠭᠡᠨ ᠴᠢᠩᠭ᠎ᠠ ᠪᠠᠶᠢᠴᠠᠭᠠᠨ ᠰᠢᠢᠳᠪᠤᠷᠢᠯᠡᠭᠦ ᠬᠡᠷᠡᠭᠲᠡᠶ᠃ ᠭᠠᠯ ᠳᠦᠢᠮᠡᠷ ᠤᠨ ᠬᠡᠷᠡᠭ ᠢ ᠡᠷᠬᠡᠪᠰᠢ ᠪᠠᠶᠢᠴᠠᠭᠠᠨ ᠳᠤᠳᠤᠯᠠᠬᠤ᠂ ᠭᠠᠯ ᠤᠨ ᠬᠠᠷᠢᠭᠤᠴᠠᠯᠭᠠᠳᠠᠨ ᠳᠤ ᠴᠢᠩᠭ᠎ᠠ ᠰᠢᠳᠬᠡᠯ ᠥᠭᠬᠦ᠂ ᠵᠠᠰᠠᠨ ᠴᠡᠭᠴᠡᠯᠡᠭᠦ ᠠᠷᠭ᠎ᠠ ᠠᠪᠴᠠᠯ ᠢ ᠴᠢᠩᠭ᠎ᠠ ᠨᠠᠶᠢᠳᠠᠪᠤᠷᠢᠵᠢᠭᠤᠯᠬᠤ ᠶᠢ ᠪᠠᠷᠢᠮᠳᠠᠯᠠᠨ᠂ ᠨᠡᠶᠢᠲᠡᠯᠢᠭ ᠬᠡᠷᠡᠭ ᠤᠨ ᠵᠢᠱᠢᠶ᠎ᠠ ᠶᠢ ᠢᠯᠡᠴᠢᠯᠠᠵᠤ᠂ ᠤᠯᠠᠨ ᠳᠤ ᠴᠡᠭᠡᠷᠯᠡᠯ ᠪᠣᠯᠭᠠᠬᠤ ᠬᠡᠷᠡᠭᠲᠡᠶ᠃     ᠠᠷᠪᠠᠨ ᠨᠢᠭᠡ᠂ ᠲᠣᠰ ᠠᠯᠪᠠᠨ ᠵᠠᠷᠯᠠᠯ ᠢ ᠵᠦᠷᠢᠴᠡᠵᠦ᠂ ᠭᠠᠯ ᠠᠪᠴᠤ ᠭᠠᠯ ᠬᠡᠷᠡᠭᠯᠡᠭᠰᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠳᠦᠢᠮᠡᠷ ᠭᠠᠷᠭᠠᠭᠰᠠᠳ ᠢ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠲᠠᠯ᠎ᠠ ᠨᠤᠲᠤᠭ ᠤᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠦᠢᠯᠡ ᠪᠠᠶᠢᠳᠠᠯ ᠤᠨ ᠭᠦᠨᠳᠤ ᠭᠦᠩᠭᠡᠨ ᠢ ᠦᠨᠳᠤᠰᠦᠯᠠᠨ᠂ ᠰᠡᠷᠡᠮᠵᠢᠯᠡᠭᠦᠯᠭᠦ᠂ ᠲᠣᠷᠭᠠᠬᠤ᠂ ᠵᠠᠰᠠᠭ ᠵᠠᠬᠢᠷᠭᠠᠨ ᠤ ᠲᠦᠷ ᠬᠤᠷᠢᠬᠤ ᠰᠢᠳᠬᠡᠯ ᠤᠯᠭᠤᠨ᠎ᠠ᠃ ᠲᠠᠯ᠎ᠠ ᠨᠤᠳᠤᠭ ᠣᠶ ᠰᠢᠭᠤᠶ ᠶᠢᠨ ᠭᠠᠯ ᠲᠤᠶᠢᠮᠠᠷ ᠲᠠᠯᠪᠢᠭᠰᠠᠳ ᠲᠠᠯ᠎ᠠ ᠨᠤᠳᠤᠭ ᠣᠶ ᠰᠢᠭᠤᠶ ᠶᠢᠨ ᠬᠤᠬᠢᠷᠠᠯ ᠢ ᠲᠥᠯᠥᠬᠦ ᠪᠠ ᠭᠠᠯ ᠤᠨᠲᠠᠷᠠᠭᠠᠬᠤ ᠵᠠᠷᠤᠳᠠᠯ ᠢ ᠡᠭᠦᠷᠭᠡᠯᠡᠬᠦ ᠭᠡᠷᠡᠭᠲᠡᠢ᠂ ᠭᠡᠷᠪᠡ ᠶᠠᠯ᠎ᠠ ᠪᠣᠯᠵᠤ ᠪᠦᠷᠢᠯᠳᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠬᠤᠶᠠᠷ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠨᠢ ᠲᠠᠯ᠎ᠠ ᠨᠤᠲᠤᠭ ᠣᠢ ᠰᠢᠭᠤᠶ ᠶᠢᠨ ᠭᠠᠯ ᠲᠦᠢᠮᠡᠷ ᠤᠨ ᠪᠠᠶᠢᠳᠠᠯ ᠢ ᠣᠯᠵᠦ ᠮᠡᠳᠡᠪᠡᠯ᠂ ᠳᠠᠷᠤᠶᠢᠬᠠᠨ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ ᠪᠤᠶᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠲᠤ ᠮᠡᠳᠡᠭᠦᠯᠬᠦ ᠬᠡᠷᠡᠭᠲᠡᠶ᠃ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠥᠮᠦᠨ  ᠨᠢ ᠭᠠᠯ ᠳᠦᠢᠮᠡᠷ ᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠳᠥᠭᠦᠮ ᠦᠵᠡᠬᠦᠯᠵᠦ᠂ ᠲᠠᠯ᠎ᠠ ᠨᠤᠲᠤᠭ ᠣᠢ ᠰᠢᠭᠤᠶ ᠶᠢᠨ ᠭᠠᠯ ᠳᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠨᠢᠭᠤᠵᠤ ᠮᠡᠳᠡᠭᠦᠯᠬᠦ ᠦᠭᠡᠢ ᠪᠠᠶᠢᠬᠤ ᠵᠡᠷᠭᠡ ᠠᠵᠢᠯᠯᠠᠭ᠎ᠠ ᠶᠢ ᠴᠠᠭᠠᠵᠠᠯᠠᠨ᠎ᠠ᠃      ᠭᠠᠯ ᠤᠨ ᠠᠶᠤᠯ ᠢ ᠮᠡᠳᠡᠬᠦᠯᠬᠦ ᠤᠲᠠᠰᠤ᠄ ᠬᠤᠰᠢᠭᠤ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠤᠳᠠᠰᠤ᠄ 12119                                         ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠯᠤᠭᠤᠳᠬᠤ ᠭᠡᠯᠳᠡᠰ ᠤᠨ ᠤᠳᠠᠰᠤ᠄ 0479-3520101.  3520100                                        ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠢᠯᠡᠴᠢᠯᠡᠭᠡᠨ ᠤ ᠲᠥᠪ ᠤᠨ ᠤᠲᠠᠰᠤ᠄ 0479 ︱ 3522369             ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                            2024 ᠣᠨ ᠤ 3 ᠰᠠᠷ᠎ᠠ ᠶᠢᠨ 12 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ‍ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号