| 3 ᠰᠠᠷ᠎ᠠ ᠶᠢᠨ 5 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠪᠣᠯᠪᠠᠰᠤᠨ ᠤ ᠠᠯᠪᠠᠨ ᠭᠡᠷ᠂ ᠡᠯ᠎ᠡ ᠰᠤᠮᠤ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠠᠴᠠ ᠭᠤᠣᠯᠯᠠᠨ ᠡᠷᠭᠢᠯᠡᠵᠦ᠂ | ᠪᠠᠶᠠᠠᠭᠤᠯᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ | ᠲᠠᠭᠠᠭᠠᠴᠢᠯᠠᠨ ᠡᠷᠭᠢᠯᠡᠭᠰᠡᠨ ︽ᠯᠧᠢ ᠹᠧᠩ ᠠᠴᠠ ᠰᠣᠷᠣᠯᠴᠠᠨ · ᠪᠣᠯᠪᠠᠰᠤᠨ ᠢ ᠦᠢᠯᠡᠳᠦᠯᠭᠡᠵᠢᠭᠦᠯᠦᠶ᠎ᠡ︾ | ᠰᠠᠶᠢᠨ ᠲᠤᠷ᠎ᠠ ᠶᠢᠨ ᠠᠵᠢᠯᠯᠠᠭ᠎ᠠ ᠦᠷᠨᠢᠭᠦᠯᠪᠠ ᠃ | ᠠᠵᠢᠯᠯᠠᠭᠠᠨ ᠳᠤ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠬᠠᠤᠯᠢ ᠴᠠᠭᠠᠵᠠ᠂ ᠡᠮ ᠡᠮᠨᠡᠯᠭᠡ ᠶᠢᠨ | ᠳᠠᠭᠠᠳᠬᠠᠯ᠂ ᠮᠠᠯ ᠠᠵᠦ ᠠᠬᠤᠢ᠂ ᠠᠵᠢᠯ ᠣᠯᠭᠤᠯᠲᠠ᠂ ᠠᠵᠢᠯᠴᠢᠨ ᠤ ᠡᠪᠯᠡᠯ᠂ ᠡᠬᠡ ᠨᠢᠯᠬᠠᠰ ᠤᠨ | ᠡᠷᠡᠭᠦᠯᠵᠢᠯ ᠤᠨ ᠬᠦᠷᠢᠶᠡᠯᠡᠩ ᠵᠡᠷᠭᠡ 20 ᠪᠠᠶᠢᠭᠤᠯᠭ᠎ᠠ ᠨᠢᠭᠡᠴᠡ ᠤᠷᠤᠯᠴᠠᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠬᠢᠭᠰᠡᠨ ᠤ ᠬᠠᠮᠳᠣ᠂ ᠦᠨ᠎ᠠ ᠲᠦᠯᠤᠪᠤᠷᠢ ᠦᠭᠡᠢ ᠦᠢᠯᠠᠴᠢᠯᠡᠭᠡ ᠬᠠᠩᠭᠠᠭᠰᠠᠨ ᠪᠠᠶᠢᠨ᠎ᠠ᠃ | ᠠᠵᠢᠯᠯᠠᠭᠠᠨ ᠤ ᠠᠬᠤᠢ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠡᠯ᠎ᠠ | ᠪᠠᠶᠢᠭᠤᠯᠭ᠎ᠠ ᠨᠢᠬᠡᠴᠠ ᠶᠢᠨ ᠠᠵᠢᠯᠳᠠᠨ ᠵᠢᠴᠢ ᠰᠠᠶᠢᠨ ᠲᠤᠷᠠᠴᠣᠣᠯ ᠠᠴᠠ ᠰᠠᠭᠤᠭᠠᠯᠢ ᠠᠷᠠᠳ ᠲᠤ ᠬᠠᠤᠯᠢ | ᠴᠠᠭᠠᠵᠠ᠂ ᠡᠷᠡᠬᠦᠯ ᠬᠠᠮᠠᠭᠠᠯᠠᠯ ᠂ ᠤᠯᠠᠨ ᠨᠠᠶᠢᠳᠠ ᠶᠢᠨ ᠦᠢᠯᠠᠴᠢᠯᠡᠭᠡ ᠳᠤ ᠨᠠᠷᠢᠨ ᠲᠠᠶᠢᠯᠪᠤᠷᠢᠯᠠᠯᠳᠠ ᠬᠢᠵᠦ | ᠤᠬᠠᠭᠤᠯᠭ᠎ᠠ ᠶᠢᠨ ᠪᠤᠳᠠᠰ ᠲᠠᠷᠠᠬᠠᠭᠠᠭᠰᠠᠨ ᠤ ᠬᠠᠮᠳᠣ᠂ ᠤᠳᠬ᠎ᠠ ᠤᠷᠠᠯᠢᠭ᠂ ᠪᠣᠯᠪᠠᠰᠤᠨ᠂ ᠠᠮᠤᠷ ᠲᠦᠪᠰᠢᠨ ᠤ | ᠮᠡᠳᠡᠯᠭᠡ ᠶᠢᠨ ᠤᠬᠠᠭᠤᠯᠭ᠋ ᠠ᠂ ᠠᠯᠪᠠᠨ ᠵᠢᠷᠤᠮ ᠤᠨ ᠡᠮᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠴᠠᠬᠢᠯᠭᠠᠨ | ᠮᠡᠬᠡᠯᠡᠯ ᠢ ᠰᠡᠷᠭᠡᠶᠢᠯᠡᠬᠦ ᠤᠬᠠᠭᠤᠯᠭ᠎ᠠ᠂ ᠺᠣᠳ᠋ ᠰᠢᠷᠪᠢᠵᠦ ᠰᠡᠳᠦᠪ ᠬᠠᠷᠢᠭᠤᠯᠵᠤ ᠱᠠᠩᠨᠠᠯ ᠣᠯᠬᠤ ᠵᠡᠷᠭᠡ ᠠᠯᠢ ᠤᠯᠠᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠠᠪᠤᠭᠳᠠᠵᠡᠢ ᠃ | ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠠᠷᠢᠶᠠᠲᠤ | ᠣᠷᠣᠨ ᠤ ᠰᠢᠯᠢᠳᠡᠭ ᠡᠬᠢ ᠪᠠᠶᠠᠯᠢᠭ ᠲᠠᠢ ᠬᠤᠯᠪᠤᠭᠠᠯᠠᠨ᠂ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ ᠶᠢ | ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ | ᠦᠢᠯᠡᠴᠢᠯᠡᠭᠡ ᠪᠠᠷ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠰᠠᠭᠤᠭᠠᠯᠢ ᠠᠷᠠᠳ ᠲᠤ ᠨᠢᠭᠡ ᠯᠡ ᠥᠷᠲᠡᠭᠡᠨ ᠤ | ᠮᠠᠶ᠋ᠢᠭ ᠤᠨ ᠦᠢᠯᠡᠴᠢᠯᠡᠭᠡ ᠬᠦᠷᠲᠡᠭᠡᠭᠰᠡᠨ ᠪᠠᠶᠢᠨ᠎ᠠ᠃ |