ᠪᠢᠳᠡ ᠪᠦᠬᠦᠳᠡᠭᠡᠷ ᠬᠦᠳᠡᠯᠦᠯᠴᠡᠵᠦ ᠬᠠᠭᠤᠴᠢᠨ ᠤ ᠪᠤᠯᠬᠢ ᠪᠦᠳᠦᠬᠦᠯᠢᠭ ᠬᠡᠪ ᠵᠠᠩᠰᠢᠯ ᠢ ᠥᠭᠡᠷᠡᠴᠢᠯᠡᠶ᠎ᠡ︕ ᠵᠢᠷ ᠤᠨ ᠭᠤᠤᠯ ᠪᠠᠯᠭᠠᠰᠣ ᠶᠢᠨ ᠨᠢᠬᠡᠨ ᠭᠠᠴᠠᠭ᠎ᠠ ᠢᠩᠬᠢᠵᠦ ᠬᠢᠵᠦ ᠪᠤ
ᠨᠡᠶᠢᠲᠡᠯᠡᠭᠰᠡᠨ ᠴᠠᠭ᠄
2024/3/12
                                          ᠵᠢᠷ ᠤᠨ ᠭᠤᠤᠯ ᠪᠠᠯᠭᠠᠰᠤ ᠶᠢᠨ ᠪᠠᠶᠠᠨᠭᠤᠣᠯ ᠭᠠᠴᠠᠭ᠎ᠠ ᠨᠢ 2018 ᠣᠨ ᠳᠤ ᠥᠪᠡᠷᠲᠡᠭᠡᠨ ᠵᠠᠰᠠᠬᠤ ᠣᠷᠣᠨ ᠤ ᠲᠡᠰ ᠤᠨ ᠤᠶᠤᠨ ᠤ ᠪᠣᠯᠪᠠᠰᠤᠨ ᠤ ᠭᠠᠴᠠᠭ᠎ᠠ ᠶᠢᠨ ᠴᠣᠯᠠ ᠶᠢ ᠬᠦᠷᠲᠡᠭᠰᠡᠨ ᠢᠶᠠᠷ᠂ ᠭᠠᠴᠠᠭ᠎ᠠ ᠶᠢᠨ ︽ᠬᠤᠶᠠᠷ ᠵᠥᠪᠯᠡᠯ︾ ᠨᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭ᠎ᠠ ᠠᠳᠬᠤᠨ᠂ ᠡᠯ᠎ᠡ ᠲᠦᠷᠦᠯ ᠤᠨ ᠤᠯᠠᠨ ᠲᠦᠮᠡᠨᠴᠢ ᠴᠢᠨᠠᠷᠲᠠᠢ ᠠᠵᠢᠯᠯᠠᠭᠠᠨ ᠢ  ᠦᠷᠬᠦᠯᠵᠢᠳ᠋ᠨ ᠥᠷᠨᠢᠭᠦᠯᠦᠭᠰᠡᠨ ᠪᠠᠶᠢᠨ᠎ᠠ᠃ ᠣᠶᠢᠷ᠎ᠠ ᠳᠤ ᠂ ᠲᠤᠰ ᠭᠠᠴᠠᠭ᠎ᠠ ᠨᠢ ︽ᠪᠣᠯᠪᠠᠰᠤᠨ ᠶᠤᠰᠤᠷᠬᠠᠭ ᠡᠶ᠎ᠡ ᠨᠡᠶᠢᠷ ᠲᠠᠢ ᠪᠠᠷ ᠴᠠᠭᠠᠯᠠᠵᠦ᠂ ᠪᠤᠯᠬᠢ ᠪᠦᠳᠦᠬᠦᠯᠢᠭ ᠬᠡᠪ ᠵᠠᠩᠰᠢᠯ ᠢ ᠦᠬᠡᠷᠡᠴᠢᠯᠡᠨ ᠰᠢᠨ᠎ᠡ ᠬᠡᠪ ᠰᠤᠷᠲᠠᠯ ᠢ ᠪᠣᠶ ᠪᠣᠯᠭᠠᠶ᠎ᠠ︾ ᠭᠡᠬᠦ ᠭᠤᠣᠯ ᠰᠡᠳᠦᠪ ᠢᠶᠠᠷ ᠮᠠᠯᠴᠢᠳ ᠤᠨ ᠰᠢᠨ᠎ᠡ ᠵᠢᠯ ᠤᠨ ᠬᠠᠮᠲᠤ ᠶᠢᠨ ᠵᠣᠯᠭᠠᠯᠲᠠ ᠬᠢᠬᠦ ᠶᠢᠨ ᠵᠡᠷᠬᠡᠪᠡᠷ ᠬᠠᠮᠳᠦ ᠶᠢᠨ ᠵᠤᠯᠭᠠᠯᠳᠠ ᠲᠡᠭᠡᠷ᠎ᠡ ᠪᠠᠨ ᠲᠤᠰ ᠵᠢᠯ ᠳᠤ ᠵᠢᠯ ᠵᠢᠷᠬᠢᠭᠰᠡᠨ ᠨᠠᠶᠢᠷ ᠢᠶᠠᠨ ᠲᠦᠬᠦᠮ ᠬᠢᠭᠰᠡᠨ 7 ᠮᠠᠯᠴᠢᠨ ᠢ ᠬᠥᠬᠢᠭᠦᠯᠦᠨ ᠰᠠᠶᠢᠰᠢᠶᠠᠵᠦ᠂ ᠡᠬᠦᠨᠴᠡ ᠥᠷᠭᠡᠨ ᠣᠯᠠᠨ ᠮᠠᠯᠴᠢᠨ ᠲᠦᠮᠡᠨ ᠤ ᠪᠤᠯᠬᠢ ᠬᠠᠭᠤᠴᠢᠨ ᠬᠡᠪ ᠵᠠᠩᠰᠢᠯ ᠤᠨ ᠥᠭᠡᠷᠡᠴᠢᠯᠡᠯᠳᠡ ᠶᠢ ᠦᠢᠯᠡᠳᠦᠯᠭᠡᠵᠢᠭᠦᠯᠦᠭᠰᠡᠨ 7 ᠨᠡᠶᠢᠲᠡᠯᠢᠭ ᠲᠥᠯᠥᠭᠡᠯᠡᠭᠴᠢ ᠪᠠᠷ ᠥᠯᠢᠭᠡᠷ ᠳᠠᠭᠤᠷᠢᠶᠠᠯ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠭᠤᠴᠢᠨ ᠮᠠᠭᠤ ᠵᠠᠩ ᠳᠠᠳᠬᠠᠯ ᠢ ᠡᠪᠳᠡᠨ᠂ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ᠂ ᠡᠷᠡᠭᠦᠯ ᠴᠢᠭᠢᠷᠠᠭ᠂ ᠠᠷᠪᠢᠯᠠᠨ ᠭᠠᠮᠨᠠᠬᠤ ᠶᠢ ᠡᠷᠬᠢᠮᠯᠡᠭᠰᠡᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠪᠤᠯᠬᠢ ᠬᠠᠭᠤᠴᠢᠨ ᠬᠡᠪ ᠵᠠᠩᠰᠢᠯ ᠤᠨ ᠥᠭᠡᠷᠡᠴᠢᠯᠡᠯᠳᠡ ᠶᠢ ᠬᠠᠮᠲᠤ ᠪᠠᠷ ᠭᠦᠨᠵᠡᠭᠡᠶᠢᠷᠡᠭᠦᠯᠦᠨ ᠬᠥᠭᠵᠢᠭᠦᠯᠬᠦ ᠶᠢ ᠵᠤᠷᠢᠭᠰᠠᠨ ᠪᠠᠶᠢᠨ᠎ᠠ᠃    ᠡᠩᠬᠡᠪᠠᠲᠤ ᠪᠣᠯ ᠡᠨᠡ ᠵᠢᠯ ᠤᠨ ᠵᠢᠯ ᠵᠢᠷᠬᠢᠭᠰᠡᠨ ᠨᠠᠶᠢᠷ ᠢᠶᠠᠨ ᠲᠦᠬᠦᠮ ᠢᠶᠠᠷ ᠬᠢᠭᠰᠡᠨ 7 ᠮᠠᠯᠴᠢᠨ ᠤ ᠨᠢᠭᠡ ᠨᠢ ᠪᠣᠯᠣᠨ᠎ᠠ᠂᠂ ᠲᠡᠷᠡ 49 ᠨᠠᠰᠤᠨ ᠤ ᠵᠢᠯ ᠵᠢᠷᠬᠢᠯᠳᠡ ᠳᠤ ᠪᠠᠨ ᠤᠷᠢᠯᠭ᠎ᠠ ᠳᠠᠶᠢᠯᠠᠯᠭ᠎ᠠ ᠲᠠᠯᠪᠢᠭᠰᠠᠨ ᠦᠭᠡᠢ᠂ ᠬᠠᠷᠢᠨ ᠴᠥᠭᠡᠨ ᠲᠣᠭᠠᠨ ᠤ ᠲᠦᠷᠦᠯ ᠰᠠᠳᠤᠨ ᠨᠠᠶᠢᠵᠠ ᠨᠥᠬᠦᠳ ᠢᠶᠠᠨ ᠭᠡᠷ ᠲᠤ ᠪᠠᠨ ᠤᠷᠢᠵᠤ ᠠᠷᠢᠬᠢ ᠦᠭᠡᠢ ᠲᠠᠩᠰᠤᠭ ᠳᠠᠶᠢᠯᠠᠯᠭ᠎ᠠ ᠪᠡᠯᠡᠳᠬᠡᠵᠦ᠂ ᠰᠦ ᠲᠠᠢ ᠴᠠᠢ ᠪᠠᠷ ᠢᠶᠠᠨ ᠰᠠᠷᠬᠤᠳ ᠢ ᠤᠷᠤᠯᠠᠭᠤᠯᠤᠨ ᠬᠠᠷᠢᠯᠴᠠᠨ ᠪᠠᠶᠠᠷ ᠬᠦᠷᠭᠡᠵᠦ᠂ ᠬᠠᠯᠠᠭᠤᠨ ᠳᠤᠯᠠᠭᠠᠨ ᠪᠠᠶᠡᠷ ᠬᠦᠷ ᠢᠶᠠᠷ ᠪᠢᠯᠬᠠᠭᠰᠠᠨ ᠰᠠᠶᠢᠬᠠᠨ ᠨᠠᠶᠢᠷ ᠲᠠᠯᠪᠢᠭᠰᠠᠨ ᠪᠠᠶᠢᠨ᠎ᠠ᠃ ᠲᠡᠷᠡ᠄ ︽ᠥᠩᠭᠡᠷᠡᠭᠰᠡᠨ ᠳᠤ ᠵᠢᠯ ᠵᠢᠷᠬᠢᠯᠳᠡ ᠶᠢ ᠨᠡᠯᠢᠶᠡᠳ ᠶᠠᠷᠰᠢᠭ ᠲᠠᠢ ᠬᠢᠵᠦ᠂ ᠠᠯᠴᠢᠭᠤᠷ᠂ ᠠᠶᠠᠭ᠎ᠠ ᠫᠢᠯᠠ᠂ ᠬᠦᠵᠦᠬᠦᠨ ᠤᠷᠢᠶᠡᠯᠳᠠ᠂ ᠶᠧᠪᠡᠩ ᠪᠤᠭᠤᠷᠰᠤᠭ ᠬᠡᠬᠦ ᠵᠡᠷᠭᠡ ᠪᠠᠷ ᠪᠡᠯᠡᠭ ᠪᠤᠯᠭᠠᠵᠦ᠂ ᠡᠳᠡᠭᠡᠷ ᠡᠳ᠋ ᠪᠤᠳᠠᠰ ᠨᠢ ᠴᠠᠭ ᠨᠢ ᠦᠩᠬᠡᠷᠡᠪᠡᠯ ᠲᠡᠮᠡᠢ ᠬᠡᠷᠡᠭᠴᠡᠭᠡ ᠦᠬᠡᠢ ᠪᠤᠯᠵᠦ ᠬᠠᠶᠠᠭᠳᠠᠳᠠᠭ ᠪᠠᠶᠢᠨ᠎ᠠ᠃ ᠡᠨᠡ ᠵᠢᠯ ᠪᠢ 49 ᠨᠠᠰᠤᠨ ᠤ ᠵᠢᠯ ᠵᠢᠷᠬᠢᠯᠳᠡ ᠪᠠᠨ ᠢᠩᠬᠢᠵᠦ ᠲᠦᠬᠦᠮ ᠲᠦᠳᠡ ᠬᠢᠭᠰᠡᠨ ᠪᠤᠯᠪᠠᠴᠦ ᠬᠠᠷᠢᠨ ᠲᠦᠷᠦᠯ ᠰᠠᠳᠤᠨ ᠨᠠᠶᠢᠵᠠ ᠨᠥᠬᠦᠳ ᠲᠠᠢ  ᠪᠠᠨ ᠣᠨᠴᠠᠭᠠᠶ ᠬᠠᠯᠠᠭᠤᠨ ᠪᠦᠯᠢᠶᠡᠨ ᠪᠠᠶᠢᠭᠰᠠᠨ︾ ᠭᠡᠵᠦ ᠬᠡᠯᠡᠵᠦ ᠪᠠᠶᠢᠯ᠎ᠠ᠃     ᠡᠩᠬᠡᠪᠠᠲᠤ ᠶᠢᠨ ᠵᠢᠯ ᠵᠢᠷᠬᠢᠯᠳᠡ ᠪᠠᠨ ᠲᠦᠬᠦᠮ ᠬᠢᠭᠰᠡᠨ ᠨᠢ ᠪᠦᠷᠢᠯᠭᠡᠨ ᠰᠦᠢᠳᠬᠡᠬᠦ ᠪᠠ ᠰᠣᠬᠤᠷ ᠪᠠᠯᠠᠢ ᠪᠠᠷ ᠠᠳᠠᠯᠢᠳᠬᠠᠬᠤ ᠪᠤᠯᠬᠢ ᠬᠡᠪ ᠵᠠᠩᠰᠢᠯ ᠠᠴᠠ ᠵᠠᠶᠢᠯᠠᠰᠬᠢᠵᠦ ᠴᠢᠳᠠᠭᠰᠠᠨ ᠮᠥᠷᠲᠡᠭᠡᠨ ᠪᠠᠰᠠ ᠳᠡᠷᠭᠡᠳᠡᠬᠢ ᠮᠠᠯᠴᠢᠨ ᠲᠦᠮᠡᠨ ᠳᠤ ᠪᠠᠨ ᠰᠢᠨ᠎ᠡ ᠴᠠᠭ ᠦᠶ᠎ᠡ ᠶᠢᠨ ᠵᠢᠯ ᠵᠢᠷᠬᠢᠯᠳᠡ ᠶᠢᠨ ᠰᠠᠶᠢᠨ ᠰᠠᠶᠢᠬᠠᠨ ᠬᠡᠪ ᠲᠠᠭᠤᠷᠢᠶᠠᠯ ᠪᠤᠯᠵᠦ᠂ ᠮᠠᠯᠵᠢᠬᠤ ᠣᠷᠣᠨ ᠤ ᠪᠣᠯᠪᠠᠰᠤᠨ ᠬᠡᠪ ᠰᠤᠷᠲᠠᠯ ᠢ ᠪᠣᠶ ᠪᠣᠯᠭᠠᠬᠤ  ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠬᠦ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠵᠢᠷ ᠤᠨ ᠭᠤᠤᠯ ᠪᠠᠯᠭᠠᠰᠤ ᠨᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠴᠢᠨᠠᠭᠰᠢᠳᠠ ᠪᠠᠳᠠᠷᠠᠭᠤᠯᠬᠤ ᠪᠠ ᠦᠢᠯᠡᠳᠦᠯᠭᠡᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠣᠨ ᠤᠯᠠᠨ ᠲᠦᠮᠡᠨ ᠢ ᠬᠥᠲᠥᠯᠥᠨ ᠵᠢᠯᠤᠭᠤᠳᠴᠤ ᠦᠵᠡᠯᠳᠡ  ᠣᠶᠢᠯᠠᠭᠠᠭᠳᠠᠬᠤᠨ ᠢ ᠨᠢ ᠰᠢᠨᠡᠴᠢᠯᠡᠨ᠂ ᠮᠠᠯᠵᠢᠬᠤ ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠮᠠᠯᠵᠢᠬᠤ ᠣᠷᠣᠨ ᠤ ᠪᠣᠯᠪᠠᠰᠤᠨ ᠰᠤᠷᠲᠠᠯ ᠢᠶᠠᠷ ᠬᠠᠭᠤᠴᠢᠨ ᠤ ᠪᠤᠯᠬᠢ ᠪᠦᠳᠦᠭᠦᠯᠢᠭ ᠬᠡᠪ ᠵᠠᠩᠰᠢᠯ ᠢ ᠡᠪᠳᠡᠨ᠂ ᠮᠠᠨ ᠤ ᠪᠠᠯᠭᠠᠰᠤ ᠶᠢᠨ ᠨᠡᠶᠢᠭᠡᠮ ᠤᠨ ᠬᠡᠪ ᠰᠤᠷᠲᠠᠯ ᠤᠨ ᠤᠯᠠᠮ ᠴᠢᠨᠠᠭᠰᠢᠳᠠ ᠰᠠᠶᠢᠵᠢᠷᠠᠬᠤ ᠶᠢ ᠠᠬᠢᠭᠤᠯᠬᠤ ᠪᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号