| 61 ᠳ᠋ᠣᠭᠡᠷ ︽ᠯᠧᠢ ᠹᠧᠩ ᠠᠴᠠ ᠰᠤᠷᠤᠯᠴᠠᠭᠰᠠᠨ ᠳᠤᠷᠠᠰᠬᠠᠯ ᠤᠨ ᠡᠳᠦᠷ︾ ᠢ ᠣᠭᠲᠣᠵᠣ᠂ ︽ᠬᠤᠪᠢ | ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 5 ᠤ ᠡᠳᠦᠷ᠂ | ᠪᠠᠶᠠᠨᠬᠤᠰᠢᠭᠤ ᠰᠣᠮᠣᠨ ᠤ 6 ᠭᠠᠴᠠᠭᠠᠨ ᠤ 12 ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠱᠧᠦ ᠺᠠᠩ | ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ︽ᠯᠧᠢ ᠹᠧᠩ ᠠᠴᠠ ᠰᠣᠷᠣᠯᠴᠠᠨ᠂ ᠪᠣᠯᠪᠠᠰᠤᠨ ᠦᠢᠯᠡᠳᠦᠯᠭᠡ | ᠶᠢᠨ ᠠᠵᠢᠯᠯᠠᠭ᠎ᠠ ᠳᠤ ᠣᠷᠣᠯᠴᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠪᠣᠳᠠᠲᠠᠢ | ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ᠂ ᠨᠠᠰᠤᠲᠠᠨ ᠢᠶᠠᠨ | ᠬᠦᠨᠳᠦᠯᠡᠬᠦ ᠡᠷᠬᠢᠮ ᠰᠤᠷᠲᠠᠯ ᠢ ᠪᠠᠳᠠᠷᠠᠭᠤᠯᠬᠤ ᠢᠷᠠᠭᠤ ᠠᠯᠳᠠᠷᠲᠤ ᠤᠯᠠᠮᠵᠢᠯᠠᠯ ᠢ ᠦᠢᠯᠡᠳᠦᠯᠭᠡᠵᠢᠭᠦᠯᠪᠡ᠃ | ᠠᠵᠢᠯᠯᠠᠭ᠎ᠠ ᠳᠤ᠂ ᠪᠠᠶᠠᠨᠬᠤᠰᠢᠭᠤ ᠰᠣᠮᠣᠨ ᠤ 12 ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠰᠠᠶᠢᠨ | ᠳᠤᠷ᠎ᠠ ᠠᠴᠠ ᠪᠠᠨ 2400 ᠲᠥᠭᠦᠷᠢᠭ ᠬᠠᠨᠳᠢᠪᠯᠡᠵᠤ᠂ ᠱᠧᠦ ᠺᠠᠩ ᠨᠠᠰᠤᠲᠠᠨ ᠢ ᠠᠰᠠᠷᠠᠬᠤ ᠬᠦᠷᠢᠶᠡᠯᠡᠩ ᠳᠤ ᠠᠮᠤ | ᠪᠤᠳᠠᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠤᠳᠠᠯᠳᠤᠨ ᠠᠪᠴᠤ ᠥᠭᠭᠦᠨ᠂ | ᠨᠠᠰᠣᠲᠠᠶᠢᠴᠣᠳ ᠢ ᠪᠤᠯᠭᠤᠭᠠᠨ ᠲᠣᠬᠤᠨᠢᠭᠤᠯᠬᠤ ᠶᠢᠨ ᠬᠠᠮᠲᠤ᠂ ᠰᠠᠶᠢᠨ ᠳᠤᠷ᠎ᠠ ᠶᠢᠨ ᠠᠵᠢᠯᠯᠠᠭᠴᠢᠳ | ᠢᠳᠡᠪᠬᠢᠲᠡᠢ ᠪᠠᠷ ᠬᠥᠳᠡᠯᠦᠯᠴᠡᠨ᠂ ᠨᠠᠰᠤᠲᠠᠶᠢᠴᠤᠳ ᠲᠤ ᠴᠡᠪᠡᠷᠯᠡᠭᠡ ᠬᠢᠵᠦ᠂ ᠭᠡᠷ ᠣᠷᠣᠨ ᠶᠢ ᠨᠢ ᠲᠡᠭᠰᠢᠯᠡᠨ | ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠶᠢ ᠳᠠᠮᠵᠢᠭᠤᠯᠣᠭᠰᠠᠨ | ᠪᠠᠶᠢᠨ᠎ᠠ᠃ | ᠰᠢ ᠶᠢᠨ ᠫᠢᠩ ᠶᠡᠷᠦᠩᠬᠡᠢ ᠱᠦᠵᠢ᠄ ︽ᠯᠧᠢ ᠹᠧᠩ ᠤᠨ ᠵᠣᠷᠢᠭ ᠰᠠᠨᠠᠭ᠎ᠠ ᠶᠢ ᠬᠥᠮᠥᠨ ᠪᠣᠯᠭᠠᠨ ᠰᠤᠷᠤᠯᠴᠠᠵᠤ᠂ | ᠬᠠᠶᠢᠷ᠎ᠠ ᠰᠡᠳᠬᠢᠯᠭᠡ ᠪᠠᠨ ᠡᠷᠭᠦᠵᠦ᠂ ᠭᠠᠵᠠᠷ ᠪᠣᠯᠭᠠᠨ ᠳᠤ ᠠᠵᠢᠯ ᠦᠢᠯᠡᠰ ᠪᠦᠲᠦᠭᠡᠵᠦ ᠪᠣᠯᠣᠨ᠎ᠠ︾ ᠭᠡᠵᠦ | ᠳᠤᠷᠠᠳᠤᠨ ᠭᠠᠷᠭᠠᠵᠠᠢ᠃ ᠲᠤᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠤᠨ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠰᠤᠲᠠᠶᠢᠴᠤᠳ ᠲᠤ | ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠨᠡᠩ ᠴᠤ ᠨᠠᠰᠤᠲᠠᠨ ᠢ ᠬᠦᠨᠳᠦᠯᠡᠬᠦ᠂ ᠨᠠᠰᠤᠲᠠᠨ ᠢ ᠬᠠᠶᠢᠷᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠭᠰᠠᠨ ᠪᠠᠶᠢᠨ᠎ᠠ᠃ |