ᠵᠢᠷ ᠤᠨ ᠭᠤᠤᠯ ᠪᠠᠯᠭᠠᠰᠤ  ᠶᠢᠨ  ᠪᠠᠶᠠᠨᠬᠤᠩᠭᠤᠷ  ᠭᠠᠴᠠᠭ᠎ᠠ  ︽ᠲᠣᠭᠤᠷᠢᠨ ᠰᠤᠷᠤᠯᠴᠠᠨ ᠰᠡᠳᠬᠢᠮᠵᠢ   ᠪᠠᠨ ᠥᠷᠭᠡᠳᠬᠡᠵᠦ  ᠬᠠᠷᠠᠯᠳᠠ  ᠲᠠᠢ  ᠪᠠᠷ  ᠡᠷᠡᠯᠬᠡᠭᠯᠡᠨ  ᠤᠷᠤᠭᠰᠢᠯᠠᠵᠤ  ᠬᠥᠭᠵᠢᠯ ᠮᠠᠨᠳᠤᠯ ᠢᠶᠠᠨ ᠠᠬᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠥᠷᠨᠢᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2024/3/12
    ᠮᠠᠯᠴᠢᠳ ᠤᠨ ᠬᠥᠭᠵᠢᠯᠲᠡ ᠶᠢᠨ ᠰᠡᠳᠬᠢᠮᠵᠢ ᠶᠢ ᠴᠢᠨᠠᠭᠰᠢᠳᠠ ᠥᠷᠭᠡᠳᠬᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ ᠦᠢᠷ᠎ᠡ  ᠳᠤ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤ ᠶᠢᠨ ᠪᠠᠶᠠᠨᠬᠤᠩᠭᠤᠷ ᠭᠠᠴᠠᠭ᠎ᠠ ᠨᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭᠠᠨ ᠲᠠᠢ ᠪᠠᠨ ᠤᠶᠠᠯᠳᠤᠭᠤᠯᠵᠤ᠂ ᠭᠠᠴᠠᠭᠠᠨ ᠤ ᠪᠠᠨ ᠨᠠᠮ ᠤᠨ ᠭᠡᠰᠢᠭᠦᠨ ᠪᠤᠯᠤᠨ ᠮᠠᠯᠴᠢᠳ ᠤᠨ ᠲᠥᠯᠥᠭᠡᠯᠡᠭᠴᠢᠳ‌ᠵᠡᠷᠬᠡ 10 ᠭᠠᠷᠤᠢ ᠬᠦᠮᠦᠨ ᠢ ᠵᠣᠬᠢᠶᠠᠨ ᠪᠠᠶᠢᠭᠤᠯᠵᠤ᠂ ᠠᠪᠠᠭ᠎ᠠ ᠬᠤᠰᠢᠭᠤ ᠂ ᠰᠥᠨᠢᠳ ᠪᠠᠷᠠᠭᠤᠨ ᠬᠤᠰᠢᠭᠤ ᠪᠤᠯᠤᠨ ᠰᠢᠯᠤᠭᠤᠨ ᠬᠥᠬᠡ ᠬᠤᠰᠢᠭᠤᠨ ᠳᠤ  ᠬᠦᠷᠴᠦ ᠪᠠᠶᠢᠴᠠᠭᠠᠨ ᠦᠵᠡᠵᠦ ᠰᠤᠷᠤᠯᠴᠬᠠᠰᠠᠨ ᠪᠠᠶᠢᠨ᠎ᠠ᠃    ᠰᠤᠷᠤᠯᠴᠠᠬᠤ ᠳᠤᠭᠤᠶᠢᠯᠠᠩ ᠨᠢ ᠠᠪᠠᠭ᠎ᠠ ᠬᠤᠰᠢᠭᠤᠨ ᠤ ᠬᠤᠯᠠᠨ ᠰᠢᠷᠭ᠎ᠠ ᠶᠢᠨ ᠲᠠᠭ᠎ᠠ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠲᠤᠰ ᠺᠣᠮᠫᠠᠨᠢ ᠶᠢᠨ ᠬᠠᠷᠢᠭᠤᠴᠠᠯᠭᠠᠲᠠᠳ ᠲᠠᠢ ᠨᠢᠭᠤᠷᠳᠠᠨ ᠤᠴᠠᠷᠡᠵᠦ᠂ ᠺᠣᠮᠫᠠᠨᠢ ᠶᠢᠨ ᠮᠠᠯ ᠠᠵᠤ ᠠᠬᠤᠢ ᠶᠢᠨ ᠲᠡᠷᠢᠭᠦᠨ ᠤ ᠲᠤᠨᠤᠭ ᠲᠥᠬᠦᠭᠡᠷᠦᠮᠵᠢ  ᠪᠤᠯᠤᠨ ᠮᠠᠰᠢᠨ ᠪᠠᠭᠠᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠤᠶᠢᠯᠠᠭᠠᠵᠠᠢ᠃ ᠰᠥᠨᠢᠳ ᠪᠠᠷᠠᠭᠤᠨ ᠬᠤᠰᠢᠭᠤᠨ ᠤ ᠰᠠᠶᠢᠬᠠᠠᠦ᠋ᠯᠵᠡᠢ ᠰᠤᠮᠤᠨ ᠤ ︽ᠰᠢᠨ᠎ᠡ ᠤᠳᠤᠨ︾ ᠮᠠᠯᠴᠢᠳ ᠤᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠳᠤ ᠬᠦᠷᠴᠦ ᠠᠮᠢᠳᠤ ᠪᠣᠳᠠᠰ ᠤᠨ ᠪᠦᠷᠢᠨ ᠡᠳ᠋ᠰᠢᠭᠦᠯᠦᠯᠲᠡ ᠶᠢᠨ ᠡᠪᠡᠰᠦ ᠪᠣᠷᠳᠣᠭᠠᠨ ᠤ ᠦᠢᠯᠡᠳᠪᠦᠷᠢ ᠳᠤ ᠭᠦᠨᠵᠡᠭᠡᠶᠢᠷᠡᠨ᠂ ᠬᠠᠭᠤᠷᠠᠢ ᠡᠪᠡᠰᠦ ᠵᠢᠩᠯᠡᠬᠦ ᠬᠤᠳᠬᠤᠭᠤᠷ ᠮᠠᠰᠢᠨ᠂ ᠨᠣᠭᠤᠭᠠᠨ ᠲᠠᠷᠤᠰᠢ ᠶᠢᠨ ᠪᠤᠷᠳᠤᠭ᠎ᠠ ᠶᠢ ᠵᠢᠩᠯᠡᠬᠦ  ᠬᠠᠶᠢᠷᠴᠠᠭ ᠵᠡᠷᠭᠡ ᠤᠯᠠᠨ ᠵᠦᠢᠯ ᠤᠨ ᠮᠠᠰᠢᠨ ᠲᠥᠬᠦᠭᠡᠷᠦᠮᠵᠢ ᠶᠢ ᠨᠢ ᠲᠣᠭᠤᠷᠢᠨ ᠦᠵᠡᠵᠦ᠂ ᠡᠳ᠋ᠰᠢᠭᠦᠯᠬᠦ ᠠᠷᠭ᠎ᠠ ᠮᠡᠷᠬᠡᠵᠢᠯ ᠢ ᠨᠢ ᠣᠶᠢᠯᠠᠭᠠᠨ᠂ ᠤᠳᠤ ᠦᠶ᠎ᠡ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠦᠭᠰᠡᠨ ᠪᠠᠶᠢᠨ᠎ᠠ︔ ᠰᠢᠯᠤᠭᠤᠨ ᠬᠥᠬᠡ ᠬᠤᠰᠢᠭᠤᠨ ᠤ ᠬᠠᠮᠲᠤᠷᠠᠭᠰᠠᠨ ᠮᠠᠯ ᠠᠵᠤ ᠠᠬᠤᠢ ᠶᠢᠨ ᠦᠢᠯᠡᠴᠢᠯᠡᠭᠡᠨ ᠤ ᠲᠤᠰᠬᠠᠢ ᠬᠤᠷᠰᠢᠶᠠᠵᠢᠯ ᠤᠨ ᠠᠯᠠᠰᠢᠨ ᠤ ᠦᠬᠡᠷ ᠢ ᠲᠥᠪᠯᠡᠷᠡᠭᠦᠯᠦᠨ ᠪᠣᠷᠳᠣᠵᠤ ᠲᠠᠷᠭᠤᠯᠠᠭᠤᠯᠬᠤ ᠰᠠᠭᠤᠷᠢᠨ ᠭᠠᠵᠠᠷ ᠲᠤ ᠬᠦᠷᠴᠦ᠂ ᠬᠠᠷᠢᠭᠤᠴᠠᠯᠭᠠᠲᠠᠳ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠬᠡᠪ ᠵᠠᠭᠪᠤᠷ ᠢ ᠰᠤᠳᠤᠯᠤᠨ ᠶᠠᠷᠢᠯᠴᠠᠵᠤ᠂ ᠲᠡᠷᠢᠭᠦᠨ ᠤ ᠮᠡᠷᠭᠡᠵᠢᠯ ᠢ ᠨᠢ ᠰᠤᠷᠤᠯᠴᠠᠪᠠ᠃ ᠲᠤᠰ ᠬᠤᠷᠰᠢᠶᠠᠵᠢᠯ ᠤᠨ ᠮᠥᠬᠦᠯᠢᠭᠲᠦ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠳᠤ ᠭᠦᠨᠵᠡᠭᠡᠶᠢᠷᠡᠵᠦ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠲᠥᠬᠦᠭᠡᠷᠦᠮᠵᠢ ᠪᠤᠯᠤᠨ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠠᠷᠭ᠎ᠠ ᠮᠡᠷᠭᠡᠵᠢᠯ ᠢ ᠨᠢ ᠨᠠᠷᠢᠨ ᠣᠶᠢᠯᠠᠭᠠᠠᠠᠰᠠᠨ ᠪᠠᠶᠢᠨ᠎ᠠ᠃      ᠲᠣᠰ ᠤᠳᠠᠭᠠᠨ ᠤ ᠪᠠᠶᠢᠴᠠᠭᠠᠨ ᠦᠵᠡᠵᠦ ᠰᠤᠷᠤᠯᠴᠠᠬᠤ ᠪᠠᠷ ᠳᠡᠮᠵᠢᠨ᠂ ᠭᠠᠴᠠᠭᠠᠨ ᠤ ᠨᠠᠮ ᠤᠨ ᠭᠡᠰᠢᠭᠦᠨ  ᠪᠤᠯᠤᠨ ᠮᠠᠯᠴᠢᠳ ᠤᠨ ᠬᠠᠷᠠᠴᠠ ᠶᠢ ᠥᠷᠭᠡᠳᠬᠡᠵᠦ᠂ ᠴᠤᠭ ᠰᠦᠯᠳᠡ ᠶᠢ ᠨᠢ ᠪᠠᠳᠠᠷᠠᠭᠤᠯᠤᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠢᠲᠡᠭᠡᠯ ᠵᠣᠷᠢᠭ ᠢ ᠨᠢ ᠪᠠᠲᠤᠳᠬᠠᠵᠠᠢ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠣᠳᠠᠲᠠᠢ ᠳᠤ ᠰᠠᠭᠤᠷᠢᠯᠠᠨ᠂ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠵᠤ᠂ ᠲᠡᠷᠢᠭᠦᠨ ᠤ ᠰᠠᠶᠢᠨ ᠲᠤᠷᠰᠢᠯᠭ᠎ᠠ ᠶᠢ ᠰᠤᠷᠤᠯᠴᠠᠬᠤ ᠪᠠ ᠲᠡᠬᠦᠨ ᠢᠶᠠᠷ ᠲᠣᠯᠢ ᠪᠣᠯᠭᠠᠨ᠂ ᠬᠠᠮᠲᠤ ᠶᠢᠨ ᠠᠵᠤ ᠠᠬᠤᠢ ᠪᠠᠨ ᠬᠥᠭᠵᠢᠭᠦᠯᠦᠨ ᠪᠤᠵᠠᠭᠠᠶᠢᠷᠠᠭᠤᠯᠬᠤ ᠪᠠᠷ ᠴᠢᠷᠮᠠᠶᠢᠵᠤ᠂ ᠨᠡᠩ ᠤᠯᠠᠨ ᠮᠠᠯᠵᠢᠬᠤ ᠡᠷᠦᠬᠡ ᠶᠢ ᠲᠠᠶᠢᠴᠢᠯᠠᠨ ᠴᠢᠨᠡᠬᠡᠯᠢᠭᠵᠢᠬᠦᠯᠦᠨ ᠪᠠᠶᠠᠵᠢᠭᠤᠯᠵᠦ ᠣᠷᠣᠯᠭ᠎ᠠ ᠶᠢ ᠨᠢ ᠨᠡᠮᠡᠭᠳᠡᠭᠦᠯᠤᠨ᠂ ᠮᠠᠯᠴᠢᠳ ᠲᠤ ᠪᠠᠨ ᠨᠡᠩ ᠠᠷᠪᠢᠨ ᠪᠣᠳᠠᠲᠤ ᠶᠠᠪᠤᠳᠠᠯ ᠬᠢᠵᠦ ᠦᠭᠬᠦᠨ ᠪᠤᠶᠠᠨ ᠭᠡᠰᠢᠭ ᠦᠢᠯᠡᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ ᠭᠡᠵᠦ ᠤᠯᠠᠨ ᠢᠶᠠᠷ ᠢᠶᠠᠨ ᠵᠤᠷᠢᠭ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号