︽ᠮᠣᠷᠢᠲᠠᠨ ᠭᠤᠣᠯ ᠴᠠᠭᠳᠠᠭᠴᠢ︾ ᠠᠩᠭᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/12
                                                     ᠬᠠᠷᠢᠶᠠᠲᠤ ᠣᠷᠣᠨ ᠤ ᠭᠤᠣᠯ ᠣᠰᠣᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠠᠲᠤᠳᠬᠠᠨ᠂ ᠬᠠᠪᠤᠷ ᠤᠨ ᠤᠯᠠᠷᠢᠯ ᠤᠨ ᠬᠠᠯᠢᠶᠠᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ  ᠪᠠᠲᠤᠯᠠᠬᠤ ᠶᠢᠨ ᠲᠣᠰᠠᠳᠠ᠂ ᠣᠶᠢᠷ᠎ᠠ ᠶᠢᠨ ᠡᠳᠦᠷ  ᠂  ᠬᠤᠭᠤᠯᠠᠲᠤ ᠶᠢᠨ ᠭᠤᠣᠯ ᠪᠠᠯᠭᠠᠰᠣᠨ ᠤ ︽ᠮᠣᠷᠢᠲᠠᠨ ᠭᠤᠣᠯ ᠴᠠᠭᠳᠠᠭᠴᠢ︾ ᠠᠩᠭᠢ ᠨᠢ ᠭᠤᠣᠯ ᠪᠤᠯᠠᠭ ᠤᠨ ᠣᠷᠣᠰᠬᠠᠯ ᠤᠨ ᠭᠡᠰᠡᠭ ᠲᠤ ᠬᠠᠯᠢᠶᠠᠨ ᠦᠶᠡᠷ ᠤᠨ ᠬᠤᠭᠤᠴᠠᠭᠠᠨ ᠳᠠᠬᠢ ᠭᠤᠣᠯ ᠴᠠᠭᠳᠠᠬᠤ  ᠠᠵᠢᠯᠯᠠᠭ᠎ᠠ ᠥᠷᠨᠢᠭᠦᠯᠵᠦ᠂  ᠬᠠᠷᠢᠶ᠎ᠠ ᠤᠷᠤᠨ ᠤ ᠠᠷᠠᠳ ᠤᠨ ᠬᠠᠯᠢᠶᠠᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ  ᠥᠩᠭᠡᠷᠡᠭᠦᠯᠬᠦ ᠶᠢ ᠪᠠᠲᠤᠯᠠᠪᠠ᠃      ᠬᠠᠪᠤᠷ ᠡᠬᠢᠯᠡᠭᠰᠡᠨ ᠠᠴᠠ ᠨᠠᠰᠢ᠂  ᠴᠠᠰᠤ ᠣᠷᠤᠵᠤ᠂  ᠠᠭᠠᠷ ᠤᠨ ᠳᠤᠯᠠᠭᠠᠨ ᠵᠤᠬᠢᠬᠤ ᠬᠡᠮᠵᠢᠶᠡᠨ ᠳᠤ  ᠳᠡᠭᠡᠭᠰᠢᠯᠡᠭᠰᠡᠨ ᠠᠴᠠ ᠭᠤᠣᠯ ᠤᠨ ᠡᠬᠢᠨ ᠤ  ᠮᠥᠰᠥ ᠴᠠᠰᠤ ᠳᠦᠷᠭᠡᠨ  ᠬᠠᠶᠢᠯᠵᠤ  ᠂ ᠭᠤᠣᠯ ᠤᠨ ᠤᠰᠤ ᠲᠡᠯᠢᠷᠡᠬᠦ ᠪᠣᠶᠤ ᠰᠦᠩ ᠬᠠᠯᠢᠶ᠎ᠠ ᠢᠷᠡᠬᠦ  ᠠᠶᠤᠯ ᠲᠠᠢ  ᠪᠣᠯᠣᠭᠰᠠᠨ ᠪᠠᠶᠢᠪᠠ  ᠃ ︽ᠮᠣᠷᠢᠲᠠᠨ ᠭᠤᠣᠯ ᠴᠠᠭᠳᠠᠭᠴᠢ︾  ᠬᠠᠷᠢᠶ᠎ᠠ ᠣᠷᠣᠨ ᠤ ᠪᠠᠨ ᠬᠡᠪᠴᠢᠶᠡᠨ ᠳᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂  ᠮᠠᠯᠴᠢᠳ ᠲᠤ ᠦᠶᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂   ᠭᠤᠣᠯ ᠤᠨ ᠣᠷᠣᠰᠬᠠᠯ ᠤᠨ ᠪᠤᠬᠢᠷᠳᠤᠯ ᠢ ᠰᠡᠷᠭᠡᠶᠢᠯᠡᠨ  ᠂ ᠤᠰᠤᠨ ᠤ ᠠᠮᠤᠷ ᠳᠦᠪᠰᠢᠨ ᠢ ᠪᠠᠲᠤᠯᠠᠵᠤ  ᠂ ᠠᠮᠢ ᠠᠬᠤᠢ ᠶᠢ ᠬᠠᠮᠠᠭᠠᠯᠠᠬᠤ ᠶᠢ ᠣᠷᠢᠶᠠᠯᠠᠭᠰᠠᠨ ᠪᠠᠶᠢᠨ᠎ᠠ  ᠃     ᠪᠠᠷᠠᠭᠤᠨ ᠦᠵᠦᠮᠦᠴᠢᠨ ᠬᠤᠰᠢᠭᠤ ᠨᠢ ᠡᠯ᠎ᠡ ᠱᠠᠲᠤᠨ ᠤ ᠭᠤᠣᠯ ᠮᠥᠷᠡᠨ ᠨᠠᠭᠤᠷ  ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠭᠤᠣᠯ ᠴᠠᠭᠳᠠᠬᠤ  ᠶᠢ ᠴᠢᠩᠭᠠᠳᠬᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ  ᠪᠠᠲᠤᠯᠠᠵᠤ᠂ ᠭᠤᠣᠯ ᠮᠥᠷᠡᠨ ᠤ ᠣᠶᠢᠷ᠎ᠠ ᠬᠠᠪᠢ ᠶᠢᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ  ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号