ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠠᠯᠪᠠᠨ ᠭᠡᠷ
ᠨᠡᠶᠢᠲᠡᠯᠡᠭᠰᠡᠨ ᠴᠠᠭ᠄
2024/3/13
    ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠠᠯᠪᠠᠨ ᠭᠡᠷ᠃ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠬᠠᠮᠢᠶ᠎ᠠ ᠪᠦᠬᠦᠢ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ ᠪᠠ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠪᠠ ᠵᠠᠰᠠᠭ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ ᠲᠣᠬᠢᠷᠠᠭᠤᠯᠵᠤ ᠮᠡᠳᠡᠭᠦᠯᠦᠨ᠎ᠡ᠃ ᠵᠠᠰᠠᠭ ᠤᠨ ᠣᠷᠳᠣᠨ ᠤ  ᠤᠳᠤᠷᠢᠳᠤᠯᠭ᠎ᠠ ᠶᠢᠨ ᠤᠯᠤᠰ ᠤᠨ ᠳᠣᠲᠣᠭᠠᠳᠤ ᠳᠤ ᠪᠠᠶᠢᠴᠠᠭᠠᠨ ᠰᠤᠳᠤᠯᠬᠤ᠂ ᠵᠣᠬᠢᠴᠠᠭᠤᠯᠬᠤ᠂  ᠱᠠᠭᠠᠷᠳᠠᠨ ᠰᠢᠢᠳᠪᠦᠷᠢᠯᠡᠭᠦᠯᠬᠦ ᠠᠵᠢᠯ ᠢ ᠭᠦᠢᠴᠡᠳᠬᠡᠨ᠎ᠡ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠬᠤᠰᠢᠭᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠲᠤᠰᠬᠠᠢ ᠰᠡᠳᠦᠪᠲᠦ ᠬᠤᠷᠠᠯ ᠪᠠ ᠵᠠᠰᠠᠭ ᠤᠨ ᠣᠷᠳᠣᠨ ᠤ ᠠᠯᠪᠠᠨ ᠭᠡᠷ ᠤᠨ ᠴᠢᠬᠤᠯᠠ ᠬᠤᠷᠠᠯ ᠤᠨ ᠪᠡᠯᠡᠳᠬᠡᠯ ᠪᠠ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃     ᠵᠠᠰᠠᠭ ᠤᠨ ᠣᠷᠳᠣᠨ  ᠎ ᠠᠴᠠ ᠬᠤᠷᠠᠯᠳᠤᠭᠤᠯᠤᠭᠰᠠᠨ ᠪᠥᠬᠦ ᠬᠤᠰᠢᠭᠤᠨ ᠤ ᠴᠢᠨᠠᠷᠲᠠᠢ ᠬᠤᠷᠠᠯ ᠪᠠ ᠵᠠᠰᠠᠭ ᠤᠨ ᠣᠷᠳᠣᠨ  ᠎ ᠠᠴᠠ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ ᠶᠠᠪᠤᠭᠳᠠᠭᠤᠯᠬᠤ ᠳᠤ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠴᠢᠯᠡᠭᠡ ᠶᠢ ᠳᠠᠭᠠᠭᠠᠨ ᠭᠦᠢᠴᠡᠳᠬᠡᠨ᠎ᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号