ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ
ᠨᠡᠶᠢᠲᠡᠯᠡᠭᠰᠡᠨ ᠴᠠᠭ᠄
2024/3/13
    ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ᠃ ᠵᠠᠰᠠᠭ ᠤᠨ ᠣᠷᠳᠣᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠳᠠ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠳᠤ ᠴᠣᠬᠤᠯᠠᠪᠤᠷᠢᠯᠠᠭᠰᠠᠨ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠬᠦ ᠪᠠ ᠮᠥᠷᠳᠡᠨ ᠪᠠᠶᠢᠴᠠᠭᠠᠨ ᠰᠤᠳᠤᠯᠤᠯᠲᠠ ᠬᠢᠨ᠎ᠡ᠃ ᠴᠢᠬᠤᠯᠠ ᠶᠡᠭᠡ ᠲᠤᠰᠬᠠᠢ ᠵᠦᠢᠯ ᠢᠶᠠᠷ ᠱᠠᠭᠠᠷᠳᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠱᠠᠭᠠᠷᠳᠠᠨ ᠪᠠᠶᠢᠴᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠢ ᠱᠠᠭᠠᠷᠳᠠᠨ ᠪᠠᠶᠢᠴᠠᠭᠠᠨ᠎ᠠ᠃     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠤᠰᠢᠶᠠᠭᠰᠠᠨ ᠱᠠᠭᠠᠷᠳᠠᠨ ᠬᠦᠢᠴᠡᠳᠬᠡᠬᠦ ᠵᠦᠢᠯᠡᠰ ᠵᠢᠴᠢ ᠰᠦᠯᠵᠢᠶᠡᠴᠢᠳ ᠤᠨ ᠦᠯᠡᠳᠡᠭᠡᠭᠰᠡᠨ ᠵᠠᠬᠢᠳᠠᠯ ᠳᠤ ᠬᠠᠷᠢᠭᠤ ᠥᠭᠬᠦ ᠠᠵᠢᠯ ᠢ ᠳᠠᠭᠠᠭᠠᠨ ᠭᠦᠢᠴᠡᠳᠬᠡᠵᠦ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠦ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠬᠤ ᠪᠠ ᠱᠠᠭᠠᠷᠳᠠᠨ ᠨᠠᠶᠢᠳᠠᠪᠤᠷᠢᠵᠢᠭᠤᠯᠤᠨ᠎ᠠ  ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号