ᠪᠠᠷᠠᠭᠤᠨ ᠦᠵᠦᠮᠦᠴᠢᠨ ᠬᠤᠰᠢᠭᠤ ᠡᠮ ᠡᠮᠨᠡᠯᠭᠡ ᠶᠢᠨ ᠳᠠᠭᠠᠳᠬᠠᠯ ᠤᠨ ︽ᠨᠢᠭᠤᠷ  ᠰᠢᠷᠪᠢᠨ︾ ᠲᠤᠭᠠᠴᠠᠭ᠎ᠠ ᠬᠢᠬᠦ ᠰᠢᠨ᠎ᠡ ᠴᠠᠭ ᠦᠶ᠎ᠡ ᠳᠤ ᠣᠷᠣᠪᠠ
ᠨᠡᠶᠢᠲᠡᠯᠡᠭᠰᠡᠨ ᠴᠠᠭ᠄
2024/3/14
                                                                           ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠣᠶᠤᠨᠲᠤ ᠡᠮ ᠡᠮᠨᠡᠯᠭᠡ ᠶᠢᠨ ᠳᠠᠭᠠᠳᠬᠠᠯ  ᠤᠨ ᠲᠡᠰ ᠳᠡᠪᠰᠢᠭᠦᠯᠬᠦ ᠶᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢᠵᠢᠯᠲᠠ ᠪᠠᠷ ᠡᠮ ᠡᠮᠨᠡᠯᠭᠡ ᠶᠢᠨ ᠳᠠᠭᠠᠳᠬᠠᠯ ᠢᠶᠠᠷ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠤ ᠪᠤᠢ᠃ ᠡᠨᠡ ᠵᠢᠯ ᠤᠨ ᠡᠬᠢᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠳᠡᠮᠵᠢᠯᠭᠡ ᠪᠠᠷ ᠬᠠᠷᠢᠶ᠎ᠠ ᠣᠷᠣᠨ ᠳᠠᠬᠢ ᠲᠤᠭᠳᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠳᠠᠭᠠᠳᠬᠠᠯ ᠤᠨ ︽ᠨᠢᠭᠤᠷ ᠰᠢᠷᠪᠢᠨ︾ ᠳ᠋ᠦᠩᠨᠡᠨ ᠪᠤᠳᠤᠬᠤ ᠲᠥᠬᠦᠭᠡᠷᠦᠮᠵᠢ ᠤᠭᠰᠠᠷᠠᠪᠠ᠃      ᠣᠶᠢᠷ᠎ᠠ ᠶᠢᠨ ᠬᠤᠭᠤᠴᠠᠭᠠᠨ ᠳᠤ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠡᠮᠦᠨᠡᠬᠢ ᠬᠤᠭᠤᠴᠠᠭᠠᠨ ᠤ ᠪᠡᠯᠡᠳᠬᠡᠯ ᠪᠠ ᠲᠣᠨᠤᠭ ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠪᠠᠷ ᠳᠡᠮᠵᠢᠨ᠂ ᠪᠠᠷᠠᠭᠤᠨ ᠦᠵᠦᠮᠦᠴᠢᠨ ᠬᠤᠰᠢᠭᠤᠨ ᠤ 5 ᠲᠤᠭᠳᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ︽ᠨᠢᠭᠤᠷ ᠰᠢᠷᠪᠢᠨ︾ ᠳ᠋ᠦᠩᠨᠡᠨ ᠪᠤᠳᠤᠬᠤ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠵᠤ᠂ ᠡᠮ ᠬᠤᠳᠠᠯᠳᠤᠨ ᠠᠪᠬᠤ ᠳᠠᠭᠠᠨ ︽ᠨᠢᠭᠤᠷ ᠰᠢᠷᠪᠢᠨ︾ ᠲᠣᠭᠠᠴᠠᠭ᠎ᠠ ᠬᠢᠬᠦ ᠶᠢ ᠠᠮᠵᠢᠯᠲᠠᠲᠠᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ︽ᠨᠢᠭᠤᠷ ᠰᠢᠷᠪᠢᠨ︾ ᠲᠣᠭᠠᠴᠠᠭ᠎ᠠ ᠬᠢᠬᠦ ᠰᠢᠨ᠎ᠡ ᠵᠠᠭᠪᠤᠷ ᠢ ᠵᠢᠩᠬᠢᠨᠢ ᠪᠠᠷ ᠡᠬᠢᠯᠡᠭᠦᠯᠦᠭᠰᠡᠨ ᠪᠠᠶᠢᠨ᠎ᠠ᠃      ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ︽ᠨᠢᠭᠤᠷ ᠰᠢᠷᠪᠢᠨ︾ ᠳ᠋ᠦᠩᠨᠡᠨ ᠪᠤᠳᠤᠬᠤ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠤᠭᠰᠠᠨ ᠹᠦ᠋ ᡁᠢ ᠷᠦᠨ ᠡᠮ ᠤᠨ ᠳᠡᠯᠭᠡᠭᠦᠷ ᠲᠤ ᠬᠦᠷᠬᠦ ᠳᠤ ᠵᠠᠩ ᠡᠵᠢ ᠡᠮ ᠬᠤᠳᠠᠯᠳᠤᠨ ᠠᠪᠬᠤ ᠪᠠᠷ ᠢᠷᠡᠭᠰᠡᠨ ᠲᠠᠢ ᠲᠠᠭᠠᠷᠠᠯᠳᠤᠵᠠᠢ᠃ ᠲᠡᠷᠡ ᠭᠡᠷᠡᠭᠰᠡᠬᠦ ᠡᠮ ᠤᠨ ᠵᠦᠢᠯ ᠢᠶᠠᠨ ᠬᠤᠳᠠᠯᠳᠤᠨ ᠠᠪᠤᠭᠰᠠᠨ ᠤ ᠳᠠᠷᠠᠭ᠎ᠠ ᠰᠢᠭᠤᠳ ᠡᠮ ᠡᠮᠨᠡᠯᠭᠡ ᠶᠢᠨ ᠳᠠᠭᠠᠳᠬᠠᠯ ᠤᠨ ᠨᠢᠭᠤᠷ ᠢᠶᠠᠨ ᠰᠢᠷᠪᠢᠨ ᠲᠣᠭᠠᠴᠠᠭ᠎ᠠ ᠬᠢᠬᠦ ᠲᠥᠬᠦᠭᠡᠷᠦᠮᠵᠢ ᠪᠠᠷ ᠨᠢᠭᠤᠷ ᠢᠶᠠᠨ ᠦᠵᠡᠭᠦᠯᠦᠨ ᠲᠣᠭᠠᠴᠠᠭ᠎ᠠ ᠬᠢᠭᠰᠡᠨ ᠪᠠᠶᠢᠯ᠎ᠠ᠂ ᠡᠨᠡ ᠨᠢ ᠥᠩᠭᠡᠷᠡᠭᠰᠡᠨ ᠤ ᠨᠡᠶᠢᠭᠡᠮ ᠤᠨ ᠳᠠᠭᠠᠳᠬᠠᠯ ᠤᠨ ᠺᠠᠷᠲ ᠢᠶᠠᠷ ᠲᠣᠭᠠᠴᠠᠭ᠎ᠠ ᠬᠢᠬᠦ ᠪᠠ ᠭᠠᠷ ᠤᠲᠠᠰᠤᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠷ ᠲᠣᠭᠠᠴᠠᠭ᠎ᠠ ᠬᠢᠬᠦ ᠲᠠᠢ ᠬᠠᠷᠢᠴᠠᠭᠤᠯᠪᠠᠯ᠂ ᠨᠢᠭᠤᠷ ᠢᠶᠠᠨ ᠰᠢᠷᠪᠢᠨ ᠲᠣᠭᠠᠴᠠᠭ᠎ᠠ ᠬᠢᠬᠦ ᠳᠤ ᠨᠡᠩ ᠳᠥᠭᠦᠮ ᠪᠥᠭᠡᠳ ᠲᠦᠷᠭᠡᠨ ᠪᠠᠶᠢᠵᠤ᠂ ᠲᠣᠭᠠᠴᠠᠭ᠎ᠠ ᠬᠢᠬᠦ ᠶᠠᠪᠤᠴᠠ  ᠶᠢ ᠬᠡᠳᠦᠬᠡᠨ ᠰᠧᠺᠦ᠋ᠨ᠋ᠳ᠋ ᠲᠤ ᠯᠡ ᠪᠡᠶᠡᠯᠡᠭᠦᠯᠴᠢᠬᠡᠳᠡᠭ᠃ ᠦᠷᠭᠦᠯᠵᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠮᠠᠷᠲᠠᠳᠠᠭ ᠪᠤᠶᠤ ᠭᠠᠷ ᠤᠲᠠᠰᠤ ᠪᠠᠷ ᠲᠣᠭᠠᠴᠠᠭ᠎ᠠ ᠬᠢᠬᠦ ᠳᠤ ᠳᠥᠭᠦᠮ ᠦᠭᠡᠢ ᠨᠠᠰᠤᠲᠠᠶᠢᠴᠤᠳ ᠲᠤ ᠠᠪᠴᠤ ᠬᠡᠯᠡᠪᠡᠯ᠂ ᠨᠢᠭᠤᠷ ᠰᠢᠷᠪᠢᠵᠦ ᠲᠣᠭᠠᠴᠠᠭ᠎ᠠ ᠬᠢᠬᠦ ᠳᠤ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠳᠠᠭ᠃ ᠵᠠᠩ  ᠡᠵᠢ᠄ ︽ᠵᠢᠰᠦ ᠪᠠᠨ ᠰᠢᠷᠪᠢᠨ ᠲᠤᠭᠠᠴᠠᠭ᠎ᠠ ᠬᠢᠬᠦ ᠨᠢ ᠦᠨᠡᠬᠡᠷ ᠮᠠᠰᠢ ᠲᠥᠬᠦᠮ᠂ ᠬᠤᠶᠢᠰᠢᠳᠠ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠮ ᠡᠮᠨᠡᠯᠭᠡ ᠶᠢᠨ ᠳᠠᠭᠠᠳᠬᠠᠯ ᠤᠨ ᠺᠠᠷᠲ ᠠᠪᠬᠤ ᠦᠭᠡᠢ ᠴᠦ ᠭᠡᠰᠡᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ  ᠢᠶᠠᠨ ᠲᠤᠭᠠᠴᠠᠭ᠎ᠠ ᠬᠢᠴᠢᠬᠡᠨ᠎ᠡ ᠁︾ ᠭᠡᠵᠦ ᠪᠠᠶᠠᠷᠲᠠᠢ ᠪᠠᠷ  ᠶᠠᠷᠢᠵᠤ ᠪᠠᠶᠢᠯ᠎ᠠ᠃     ᠡᠮ ᠡᠮᠨᠡᠯᠭᠡ ᠶᠢᠨ ᠳᠠᠭᠠᠳᠬᠠᠯ ᠤᠨ ︽ᠨᠢᠭᠤᠷ ᠰᠢᠷᠪᠢᠨ︾ ᠲᠣᠭᠠᠴᠠᠭ᠎ᠠ ᠬᠢᠬᠦ ᠦᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠣᠷᠣᠭᠤᠯᠤᠭᠰᠠᠨ ᠶᠠᠪᠤᠳᠠᠯ ᠪᠣᠯ ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠮᠥᠨ᠂ ᠪᠠᠰᠠ ᠴᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠲᠤ ᠳᠥᠭᠦᠮ ᠳᠥᠲᠡ ᠥᠨᠳᠥᠷ ᠪᠦᠲᠦᠮᠵᠢᠲᠡᠶ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠪᠠᠰᠠ ᠨᠢᠭᠡ ᠤᠳᠠᠭᠠᠨ ᠤ  ᠰᠢᠨ᠎ᠡ ᠶᠢ ᠡᠭᠦᠳᠦᠭᠰᠡᠨ ᠶᠠᠪᠤᠳᠠᠯ ᠮᠥᠨ᠃ ᠡᠮ ᠡᠮᠨᠡᠯᠭᠡ ᠶᠢᠨ ᠳᠠᠭᠠᠳᠬᠠᠯ ᠤᠨ ︽ᠵᠢᠰᠦ ᠲᠠᠨᠢᠭᠤᠯᠬᠤ︾ ᠶᠡᠷᠦᠩᠬᠡᠶᠢᠯᠡᠭᠰᠡᠨ ᠦᠢᠯᠡᠴᠢᠯᠡᠭᠡᠨ ᠤ  ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠦᠢᠯᠡᠴᠢᠯᠡᠭᠡ ᠳᠤ ᠠᠮᠤᠷ ᠲᠦᠪᠰᠢᠨ ᠪᠥᠭᠡᠳ ᠳᠥᠭᠦᠮ ᠳᠥᠲᠡ ᠲᠦᠷᠭᠡᠨ ᠨᠡᠪᠲᠡᠷᠡᠬᠦ ᠵᠠᠮ ᠢ ᠬᠠᠩᠭᠠᠵᠤ᠂ ᠪᠠᠷᠠᠭᠤᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠳᠤ ︽ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠲᠣᠭᠠᠴᠠᠭ᠎ᠠ ᠬᠢᠬᠦ + ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠠᠷ ᠲᠣᠭᠠᠴᠠᠭ᠎ᠠ ᠬᠢᠬᠦ + ᠡᠮ ᠡᠮᠨᠡᠯᠭᠡ ᠶᠢᠨ ᠳᠠᠭᠠᠳᠬᠠᠯ ᠤᠨ ᠨᠢᠭᠤᠷ ᠢᠶᠠᠷ ᠲᠣᠭᠠᠴᠠᠭ᠎ᠠ ᠬᠢᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠤᠭᠰᠠᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ᠂ ︽ᠺᠠᠷᠲ ᠢᠶᠠᠷ ᠲᠣᠭᠠᠴᠠᠭ᠎ᠠ ᠬᠢᠬᠦ︾ ᠪᠠᠶᠢᠭᠰᠠᠨ   ᠠᠴᠠ ᠪᠠᠨ ︽ᠭᠠᠷ ᠤᠳᠠᠰᠤ ᠪᠠᠷ ᠲᠣᠭᠠᠴᠠᠭ᠎ᠠ ᠬᠢᠬᠦ︾  ᠲᠠᠬᠢᠨ ︽ᠨᠢᠭᠤᠷ ᠢᠶᠠᠷ ᠲᠣᠭᠠᠴᠠᠭ᠎ᠠ ᠬᠢᠬᠦ︾ ᠪᠣᠯᠵᠤ ᠬᠤᠪᠢᠷᠠᠬᠤ ᠶᠢ ᠪᠡᠶᠡᠯᠡᠭᠦᠯᠪᠡ᠃ ᠢᠯᠠᠩᠭᠤᠶ᠎ᠠ  ᠨᠠᠰᠤᠳᠠᠶᠢᠴᠤᠳ  ᠲᠤ ᠠᠪᠴᠤ ᠬᠡᠯᠡᠪᠡᠯ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠪᠣᠳᠠᠲᠤ ᠺᠠᠷᠲ ᠦᠨᠡᠮᠯᠡᠯ ᠪᠤᠶᠤ ᠣᠶᠤᠨᠯᠢᠭ ᠭᠠᠷ ᠤᠲᠠᠰᠤ ᠠᠪᠴᠤ ᠶᠠᠪᠤᠬᠤ ᠴᠢᠬᠤᠯᠠ ᠦᠭᠡᠢ᠂ ᠵᠥᠪᠬᠡᠨ ᠡᠮ ᠡᠮᠨᠡᠯᠭᠡ ᠶᠢᠨ ᠳᠠᠭᠠᠳᠬᠠᠯ ᠤᠨ ᠣᠶᠤᠨᠯᠢᠭ ᠲᠠᠪᠴᠠᠩ ᠤᠨ ᠲᠥᠬᠦᠭᠡᠷᠦᠮᠵᠢ ᠳᠤ ᠬᠠᠨᠳᠤᠭᠤᠯᠤᠨ ︽ ᠨᠢᠭᠤᠷ ᠰᠢᠷᠪᠢᠨ︾ ᠳᠠᠷᠤᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠶᠢ ᠪᠡᠶᠡᠯᠡᠭᠦᠯᠵᠦ᠂ ᠡᠮᠨᠡᠯᠭᠡ ᠶᠢᠨ ᠬᠤᠷᠢᠶ᠎ᠠ ᠵᠢᠴᠢ ᠡᠮ ᠤᠨ ᠳᠡᠯᠭᠡᠭᠦᠷ ᠲᠤ ᠮᠥᠷᠯᠡᠨ ᠬᠦᠯᠢᠶᠡᠬᠦ ᠴᠠᠭ ᠢ  ᠪᠠᠭᠠᠰᠬᠠᠬᠤ ᠪᠤᠯᠤᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ  ᠶᠢᠨ ᠳᠡᠳ᠋ ᠳᠠᠷᠤᠭ᠎ᠠ᠂ ᠬᠡᠷᠡᠭ ᠮᠡᠳᠡᠭᠴᠢᠳ ᠤᠨ ᠵᠥᠪᠯᠡᠯ ᠤᠨ ᠨᠠᠷᠢᠨ ᠪᠢᠴᠢᠭᠡᠴᠢ ᠯᠢᠦ ᠬᠠᠢ ᠪᠥᠸᠧ᠄ ︽ ᠬᠤᠰᠢᠭᠤ  ᠲᠠᠷᠢᠶᠠᠯᠠᠩ ᠬᠤᠳᠠᠯᠳᠤᠭᠠᠨ ᠤ ᠪᠠᠩᠬᠢ ᠪᠤᠯᠤᠨ ᠬᠤᠰᠢᠭᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠬᠠᠮᠲᠤᠷᠠᠨ᠂ ᠬᠠᠷᠢᠶᠠᠨ ᠳᠠᠬᠢ ᠲᠣᠮᠣ ᠳᠤᠮᠳᠠ ᠬᠡᠯᠪᠡᠷᠢ ᠶᠢᠨ ᠡᠮ ᠤᠨ ᠳᠡᠯᠭᠡᠭᠦᠷ ᠲᠤ ᠡᠮᠴᠢᠯᠡᠭᠡᠨ ᠤ ᠴᠤᠩᠬᠤᠪᠴᠢ ᠵᠢᠨ‌‍ᠲ᠋ᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠦᠵᠦᠭᠦᠷ ᠤᠨ ᠲᠠᠪᠴᠠᠩ ᠲᠣᠬᠢᠷᠠᠭᠤᠯᠵᠤ᠂ ᠠᠷᠠᠳ ᠣᠯᠠᠨ ᠤ ᠡᠮ  ᠬᠤᠳᠠᠯᠳᠤᠨ ᠠᠪᠬᠤ ᠳᠤ ᠲᠥᠬᠦᠮ ᠦᠵᠡᠬᠦᠯᠵᠦ  ᠂ ᠢᠯᠠᠩᠭᠤᠶ᠎ᠠ ᠨᠠᠰᠤᠲᠠᠶᠢᠴᠤᠳ ᠲᠤ ᠳᠥᠭᠦᠮ ᠦᠵᠡᠭᠦᠯᠪᠡ᠃ ᠪᠠᠷᠠᠭᠤᠨ ᠦᠵᠦᠮᠦᠴᠢᠨ  ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ ᠨᠢ ᠡᠮ ᠡᠮᠨᠡᠯᠭᠡ ᠶᠢᠨ ᠳᠠᠭᠠᠳᠬᠠᠯ ᠪᠠ ᠪᠠᠩᠬᠢ ᠶᠢᠨ ᠠᠷᠠᠳ ᠲᠤ ᠠᠰᠢᠭ ᠬᠦᠷᠲᠡᠭᠡᠬᠦ ᠠᠷᠠᠳ ᠲᠤ ᠲᠥᠬᠦᠮ ᠦᠵᠡᠭᠦᠯᠬᠦ ᠰᠢᠨ᠎ᠡ ᠵᠠᠭᠪᠤᠷ ᠢ ᠨᠡᠭᠡᠭᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠪᠴᠢᠶ᠎ᠡ ᠶᠢ ᠤᠯᠠᠮ  ᠴᠢᠨᠠᠭᠰᠢᠲᠠ ᠥᠷᠭᠡᠳᠬᠡᠨ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠵᠦ᠂ ᠡᠮᠴᠢᠯᠡᠭᠡᠨ ᠤ ᠳᠠᠭᠠᠳᠬᠠᠯ ᠤᠨ  ᠦᠢᠯᠡᠴᠢᠯᠡᠭᠡ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃︾     ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶᠠᠨ ᠤ ᠬᠢᠨ ︽ ᠨᠢᠭᠤᠷ ᠰᠢᠷᠪᠢᠨ︾ ᠲᠣᠭᠠᠴᠠᠭ᠎ᠠ ᠬᠢᠬᠦ ᠲᠠᠪᠴᠠᠩ ᠤᠨ ᠬᠠᠮᠢᠶᠠᠷᠤᠯᠲᠠ ᠪᠠ ᠬᠠᠮᠠᠭᠠᠯᠠᠯᠲᠠ ᠪᠠᠨ ᠦᠷᠭᠦᠯᠵᠢᠯᠡᠨ ᠴᠢᠩᠭᠠᠳᠬᠠᠵᠤ᠂ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠠᠶᠤᠯᠭᠦᠢ ᠴᠢᠨᠠᠷ ᠢ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠡᠩ ᠥᠨᠳᠥᠷ ᠪᠦᠲᠦᠮᠵᠢᠲᠡᠶ᠂ ᠳᠥᠭᠦᠮ ᠳᠥᠲᠡ᠂ ᠠᠮᠤᠷ ᠲᠦᠪᠰᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ᠂ ᠡᠭᠦᠨ ᠤ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠪᠠᠷ ᠳᠥᠭᠦᠮ ᠳᠥᠲᠡ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠡᠶᠡᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠣᠶᠢᠯᠠᠭᠠᠯᠲᠠ ᠶᠢ  ᠭᠦᠨᠵᠡᠭᠡᠶᠢᠷᠡᠬᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠬᠦᠨᠴᠡ ᠲᠠᠢ ᠬᠠᠯᠠᠭᠤᠮᠰᠤᠭ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ  ᠬᠠᠩᠭᠠᠬᠤ ᠪᠤᠯᠤᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠵᠠᠩ ᠰᠢᠨ᠄ ︽ ᠮᠠᠨ ᠤ  ᠲᠣᠪᠴᠢᠶ᠎ᠠ ᠨᠢ ᠣᠶᠤᠨᠲᠤ ᠡᠮ ᠡᠮᠨᠡᠯᠭᠡ ᠶᠢᠨ ᠳᠠᠭᠠᠳᠬᠠᠯ ᠢ ᠲᠠᠰ ᠳᠡᠪᠰᠢᠭᠦᠯᠬᠦ ᠶᠢ ᠭᠦᠨᠵᠡᠭᠡᠢ ᠠᠬᠢᠭᠤᠯᠵᠤ᠂ ᠮᠡᠳᠡᠭᠡ ᠵᠠᠩᠭᠢᠵᠢᠯᠲᠠ ᠪᠠᠷ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ     ᠬᠠᠩᠭᠠᠨ᠂ ᠵᠢᠯ ᠤᠨ ᠡᠬᠢᠨ ᠳᠤ ᠬᠤᠰᠢᠭᠤᠨ ᠤ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠳᠡᠮᠵᠢᠯᠭᠡ ᠶᠢᠨ ᠬᠠᠷᠢᠶ᠎ᠠ ᠣᠷᠣᠨ ᠳᠠᠬᠢ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠮ ᠡᠮᠨᠡᠯᠭᠡ ᠶᠢᠨ ᠳᠠᠭᠠᠳᠬᠠᠯ ᠤᠨ ᠨᠢᠭᠤᠷ ᠰᠢᠷᠪᠢᠨ ᠪᠤᠳᠤᠬᠤ 5 ᠲᠥᠬᠦᠭᠡᠷᠦᠮᠵᠢ ᠶᠢ ᠤᠭᠰᠠᠷᠠᠨ ᠠᠰᠢᠭᠯᠠᠯᠲᠠ ᠳᠤ ᠤᠷᠤᠭᠤᠯᠵᠤ᠂  ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠲᠥᠬᠦᠮ ᠦᠵᠡᠬᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ   ᠨᠢ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠨᠠᠩ ᠰᠠᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠰᠡᠳᠬᠢᠯ ᠲᠠᠯᠪᠢᠨ ᠬᠦᠴᠦ ᠣᠷᠣᠭᠤᠯᠤᠨ ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ  ᠵᠢᠷᠭᠠᠯᠳᠤ ᠲᠦᠷᠦᠭᠳᠡᠯ ᠢ ᠨᠡᠮᠡᠭᠳᠡᠬᠦᠯᠬᠦ ᠪᠠᠷ ᠴᠢᠷᠮᠠᠶᠢᠨ ᠠᠵᠢᠯᠯᠠᠬᠤ ᠪᠤᠯᠤᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号