ᠪᠠᠷᠠᠭᠤᠨ ᠦᠵᠦᠮᠦᠴᠢᠨ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠢᠨ‌ᠢᠨᠵᠧᠨᠧᠷᠢᠩ ᠤᠨ ᠡᠬᠢᠯᠡᠯᠲᠡ ᠶᠢᠨ ᠶᠣᠰᠣᠯᠠᠯ ᠵᠢᠴᠢ 3.15᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/15
      3 ᠰᠠᠷ᠎ᠠ ᠶᠢᠨ 14᠎ ᠤ ᠡᠳᠦᠷ᠂ ᠪᠠᠷᠠᠭᠤᠨ ᠦᠵᠦᠮᠦᠴᠢᠨ ᠬᠤᠰᠢᠭᠤ  ᠎ ᠨᠢ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠡᠬᠢᠯᠡᠯᠲᠡ ᠶᠢᠨ ᠶᠣᠰᠣᠯᠠᠯ ᠵᠢᠴᠢ ︽3.15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
    ᠬᠤᠰᠢᠭᠤ ᠨᠠᠮ ᠤᠨ ᠬᠤᠷᠢᠶᠠᠨ ᠤ ᠱᠦᠵᠢ  ᠮᠦᠩᠭᠦᠨᠱᠠ ᠪᠠᠶᠠᠷ ᠤᠨ ᠦᠭᠡ ᠬᠡᠯᠠᠵᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠪᠤᠯᠤᠳ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ᠂ ᠬᠤᠰᠢᠭᠤ ᠳᠡᠳ᠋ ᠳᠠᠷᠤᠭ᠎ᠠ ᠵᠣᠣ ᠭᠦᠸᠧ ᠳ᠋ᠦᠩ ᠬᠤᠷᠠᠯ ᠳᠤ ᠣᠷᠣᠯᠴᠠᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃     ᠮᠦᠩᠭᠦᠨᠱᠠ ᠶᠠᠷᠢᠶᠠᠨ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 2024 ᠣᠨ ᠢ ᠥᠪᠥᠷ ᠮᠣᠩᠭᠤᠯ ᠤᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ︾᠎ ᠢᠶᠠᠷ ᠲᠣᠭᠲᠠᠭᠠᠵᠤ᠂ ᠪᠥᠬᠦ ᠣᠷᠣᠨ ᠤ ᠬᠡᠪᠴᠢᠶᠡᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠃ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠢᠲᠡᠭᠡᠮᠵᠢ ᠲᠠᠢ᠂ ᠠᠮᠠᠯᠠᠯᠲᠠ ᠪᠠᠨ ᠦᠢᠯᠡᠳᠦᠯᠭᠡᠵᠢᠭᠦᠯᠬᠦ ᠰᠢᠯᠢᠳᠡᠭ ᠤᠯᠠᠮᠵᠢᠯᠠᠯ ᠢᠶᠠᠨ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠨᠡᠶᠢᠭᠡᠮ ᠵᠢᠷᠤᠮ ᠤᠨ  ᠭᠤᠤᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢᠨ ᠴᠢᠬᠤᠯᠠ ᠲᠠᠯ᠎ᠠ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠢ ᠪᠣᠶ ᠪᠣᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠢᠲᠡᠭᠡᠮᠵᠢ ᠶᠢ ᠴᠢᠬᠤᠯᠠᠴᠢᠯᠠᠨ ᠪᠠᠷᠢᠮᠳᠠᠯᠠᠬᠤ  ᠶᠢ ᠨᠡᠶᠢᠭᠡᠮ ᠳᠠᠶᠠᠭᠠᠷ ᠤᠨ ᠤᠬᠠᠮᠰᠠᠷᠲᠤ  ᠠᠵᠢᠯᠯᠠᠭ᠎ᠠ ᠪᠣᠯᠭᠠᠬᠤ ᠬᠡᠷᠡᠭᠲᠡᠢ᠃ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠰᠢᠨ᠎ᠡ ᠠᠶᠠᠨ ᠵᠠᠮ ᠳᠠᠭᠠᠨ ᠬᠠᠮᠲᠤ ᠪᠠᠷ ᠴᠢᠷᠮᠠᠶᠢᠵᠤ᠂ ᠪᠠᠷᠠᠭᠤᠨ ᠦᠵᠦᠮᠦᠴᠢᠨ ᠬᠤᠰᠢᠭᠤᠨ ᠤ ᠰᠠᠶᠢᠨ ᠰᠠᠶᠢᠬᠠᠨ  ᠬᠡᠪ ᠲᠦᠷᠭᠦ  ᠎ ᠶᠢ ᠵᠢᠷᠤᠭᠯᠠᠬᠤ  ᠎ ᠳᠤ ᠬᠤᠪᠢ ᠨᠠᠮᠠᠷᠢ ᠪᠠᠨ ᠦᠵᠡᠬᠦᠯᠬᠦ ᠬᠡᠷᠡᠭᠳᠠᠢ ᠬᠡᠵᠡᠢ᠃
    ᠭᠤᠷᠪᠠᠳᠤᠭᠠᠷ ᠬᠤᠭᠤᠴᠠᠭᠠᠨ ᠤ  ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ  ᠎ ᠤᠨ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠶᠣᠣ ᠬᠤᠩ ᠭᠠᠩ ᠱᠠᠩᠨᠠᠯ ᠣᠯᠣᠭᠰᠠᠨ ᠠᠵᠤ ᠠᠬᠤᠶᠢᠯᠠᠯ ᠳᠤ ᠱᠠᠩᠨᠠᠯ ᠭᠠᠷᠳᠠᠭᠤᠯᠪᠠ᠃ ᠵᠢᠩ ᠨᠧᠩ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠭᠤᠷᠪᠠᠳᠤᠭᠠᠷ ᠬᠤᠭᠤᠴᠠᠭᠠᠨ ᠤ ᠬᠤᠰᠢᠭᠤ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠥᠷᠳᠡᠪᠡ᠃     ᠠᠵᠢᠯᠯᠠᠭᠠᠨ ᠳᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠵᠡᠷᠭᠡ ᠠᠵᠢᠯ ᠲᠦᠷᠦᠯ ᠤᠨ ᠲᠥᠯᠥᠭᠡᠯᠡᠭᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠶᠢᠨ ᠪᠢᠴᠢᠭ  ᠤᠩᠰᠢᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠥᠪᠡᠷ ᠤᠨ ᠪᠡᠶ᠎ᠡ ᠳᠡᠭᠡᠨ ᠰᠠᠭᠤᠷᠢᠯᠠᠵᠤ᠂ ᠪᠡᠶ᠎ᠡ ᠪᠠᠷ ᠢᠶᠠᠨ ᠦᠢᠯᠡᠳᠦᠯᠭᠡᠵᠢᠭᠦᠯᠬᠦ ᠢᠲᠡᠭᠡᠯ ᠲᠠᠢ᠂ ᠠᠮᠠᠯᠠᠯᠲᠠ ᠶᠢᠨ ᠤᠬᠠᠮᠰᠠᠷ ᠢ  ᠴᠢᠩᠭᠠᠳᠬᠠᠵᠤ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ  ᠬᠦᠮᠦᠰ ᠢ ᠳᠠᠭᠠᠭᠤᠯᠤᠨ ᠬᠥᠮᠥᠨ ᠪᠣᠯᠭᠠᠨ ᠦᠨᠡᠨᠴᠢ ᠢᠲᠡᠭᠡᠮᠵᠢ ᠲᠠᠢ ᠪᠠᠶᠢᠵᠤ ᠬᠠᠤᠯᠢ ᠶᠢ ᠰᠠᠬᠢᠬᠤ ᠶᠢᠨ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠣᠯᠭᠠᠬᠤ ᠶᠢ ᠤᠷᠠᠶᠢᠯᠠᠨ ᠲᠠᠶᠢᠴᠢᠯᠠᠭᠰᠠᠨ ᠪᠠᠶᠢᠨ᠎ᠠ᠃
    ᠠᠵᠢᠯᠯᠠᠭ᠎ᠠ ᠳᠤ ᠣᠷᠣᠯᠴᠠᠭᠰᠠᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠵᠢᠴᠢ ᠦᠨᠡᠨᠴᠢ ᠢᠲᠡᠭᠡᠮᠵᠢᠲᠡᠢ ᠬᠤᠳᠠᠯᠳᠤᠭᠠᠴᠢᠨ᠂ ᠵᠠᠬ᠎ᠠ ᠳᠡᠯᠭᠡᠭᠦᠷ ᠤᠨ ᠡᠵᠡᠩᠨᠡᠭᠴᠢᠳ ︽ᠦᠨᠡᠨᠴᠢ ᠢᠲᠡᠭᠡᠮᠵᠢᠲᠡᠢ ᠪᠠᠷᠠᠭᠤᠨ ᠦᠵᠦᠮᠦᠴᠢᠨ ᠢ ᠪᠦᠲᠦᠭᠡᠨ ᠪᠠᠶᠢᠭᠤᠯᠬᠤ ᠳᠤ ᠪᠢᠳᠡ ᠬᠦᠴᠦᠨ ᠨᠠᠮᠠᠷᠢᠶ᠎ᠠ︾ ᠭᠡᠬᠦ ᠭᠠᠷ ᠤᠨ ᠦᠰᠦᠭ  ᠵᠢᠷᠤᠬᠤ ᠬᠠᠨᠠᠨ ᠳᠡᠭᠡᠷ᠎ᠡ ᠨᠡᠷ᠎ᠡ ᠪᠠᠨ ᠪᠢᠴᠢᠵᠦ᠂ ᠦᠨᠡᠨᠴᠢ ᠢᠲᠡᠭᠡᠮᠵᠢᠲᠡᠢ ᠪᠠᠷᠠᠭᠤᠨ ᠦᠵᠦᠮᠦᠴᠢᠨ ᠤ ᠪᠦᠳᠦᠬᠡᠨ ᠪᠠᠶᠢᠭᠤᠯᠤᠯᠳᠠ ᠳᠤ ᠥᠪᠡᠷ ᠤᠨ ᠬᠦᠴᠦᠨ ᠢᠶᠠᠨ  ᠡᠷᠬᠦᠬᠦ ᠵᠤᠷᠢᠭ ᠢᠶᠠᠨ ᠢᠯᠠᠳᠬᠡᠪᠠ᠃     ᠠᠵᠢᠯᠯᠠᠭᠠᠨ ᠳᠤ ᠪᠠᠰᠠ ︽3.15︾᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠡᠷᠡᠭᠯᠡᠭᠴᠢᠳ ᠤᠨ ᠬᠠᠭᠤᠷᠮᠠᠭ ᠮᠠᠭᠤ ᠦᠢᠯᠡᠳᠬᠦᠨ ᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠠᠪᠤᠴᠠ ᠳᠤ ᠬᠤᠷᠢᠶᠠᠨ ᠠᠪᠤᠭᠰᠠᠨ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ  ᠰᠢᠳᠠᠭᠠᠪᠠ  ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号