ᠪᠠᠷᠠᠭᠤᠨ ᠦᠵᠦᠮᠦᠴᠢᠨ ᠬᠤᠰᠢᠭᠤ 2024 ᠤᠨ ᠳᠤ 2140 ᠲᠦᠮᠡᠨ ᠲᠥᠭᠦᠷᠢᠭ ᠤᠨ ᠪᠠᠯᠠ ᠣᠷᠣᠭᠤᠯᠵᠤ ︽ᠲᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2024/3/15
  ︽ᠲᠤᠯᠠᠭᠠᠯᠠᠭ᠎ᠠ ᠵᠢᠨ‌ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠡᠨᠡ ᠵᠢᠯ ᠬᠡᠷᠡᠭᠵᠢᠭᠦᠯᠬᠦ ᠪᠠᠷ ᠲᠣᠭᠲᠠᠭᠰᠠᠨ ︽ᠵᠢᠷᠭᠤᠭᠠᠨ ᠶᠡᠭᠡ ᠢᠨᠵᠧᠨᠧᠷᠢᠩ︾ ᠤᠨ ᠨᠢᠭᠡ ᠪᠣᠯᠤᠨ᠎ᠠ᠃ 2024 ᠣᠨ ᠳᠤ᠂ ᠪᠠᠷᠠᠭᠤᠨ ᠦᠵᠦᠮᠦᠴᠢᠨ ᠬᠤᠰᠢᠭᠤᠨ ᠤ ᠬᠢᠨ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠣᠰᠣᠭᠠᠷ  ︽ᠲᠤᠯᠠᠭᠠᠯᠠᠭ᠎ᠠ ᠶᠢᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠢᠯᠴᠢ ᠶᠢᠨ ᠢᠷᠡᠯᠲᠡ ᠶᠢ ᠪᠠᠲᠤᠯᠠᠬᠤ᠂ ᠢᠯᠴᠢ ᠶᠢᠨ ᠲᠤᠤᠷ ᠢ ᠰᠢᠨᠡᠳᠬᠡᠬᠦ ᠵᠡᠷᠭᠡ ᠲᠠᠯ᠎ᠠ ᠪᠠᠷ ᠠᠰᠠᠭᠤᠳᠠᠯ ᠢ ᠪᠠᠶᠢᠴᠠᠭᠠᠨ᠂ ᠳᠤᠲᠠᠭᠤᠳᠠᠯ ᠢ ᠨᠥᠬᠦᠪᠥᠷᠢᠯᠡᠵᠦ᠂ ᠢᠯᠴᠢ ᠬᠠᠩᠭᠠᠬᠤ  ᠭᠤᠤᠯ ᠬᠠᠮᠢᠶᠠᠷᠤᠯᠲᠠ ᠶᠢᠨ 2 ᠱᠤᠭᠤᠮ ᠢ ᠰᠢᠨ᠎ᠡ ᠪᠠᠷ ᠪᠠᠶᠢᠭᠤᠯᠵᠤ᠂ ᠢᠯᠴᠢ ᠬᠠᠩᠭᠠᠬᠤ 7 ᠬᠠᠭᠤᠴᠢᠨ ᠬᠤᠭᠤᠯᠠᠶ ᠶᠢ ᠥᠭᠡᠷᠡᠴᠢᠯᠡᠨ  ᠵᠠᠰᠠᠬᠤ ᠪᠠᠷ ᠪᠠᠶᠢᠨ᠎ᠠ᠃     ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠪᠠᠶᠠᠨ ᠠᠶᠢᠯ ᠲᠣᠭᠤᠷᠢᠭ ᠤᠨ ᠰᠠᠭᠤᠭᠠᠯᠢ ᠠᠷᠠᠳ ᠳ᠋ᠠᠶ ᠴᠢᠩ ᠷᠦᠢ ᠶᠢᠨ ᠬᠡᠷ ᠲᠤ ᠬᠦᠷᠬᠦ ᠳᠤ ᠬᠡᠳᠦᠶᠢᠪᠡᠷ ᠭᠡᠳᠦᠨ ᠠᠷᠪᠠᠨ ᠵᠢᠯ ᠤᠨ ᠬᠠᠭᠤᠴᠢᠨ ᠪᠠᠶᠢᠰᠢᠩ ᠪᠤᠯᠪᠠᠴᠦ ᠲᠤᠩ ᠲᠤᠯᠠᠭᠠᠬᠠᠨ ᠪᠠᠶᠢᠯ᠎ᠠ᠃  ᠬᠤᠶᠠᠷ ᠵᠢᠯ ᠤᠨ ᠡᠮᠦᠨ᠎ᠡ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ  ᠭᠡᠷᠡᠭᠵᠢᠭᠦᠯᠬᠦ  ᠰᠠᠭᠤᠭᠠᠯᠢ ᠲᠤᠭᠤᠷᠢᠭ ᠪᠠ ᠭᠡᠷ ᠪᠠᠶᠢᠰᠢᠩ᠂ ᠲᠤᠯᠠᠭᠠᠯᠠᠭ᠎ᠠ ᠶᠢᠨ ᠲᠤᠤᠷ ᠢ ᠪᠥᠬᠦ ᠲᠠᠯ᠎ᠠ ᠪᠠᠷ ᠲᠠᠰ ᠳᠡᠪᠰᠢᠭᠦᠯᠵᠦ᠂ ᠤᠤᠯ ᠤᠨ ᠡᠪᠦᠯ ᠤᠨ ᠤᠯᠠᠷᠢᠯ ᠤᠨ ᠭᠡᠷ‌‍ᠲ᠋ᠣᠯᠠᠭᠠᠨ ᠬᠠᠮᠤᠭ ᠤᠨ ᠥᠨᠳᠥᠷ ᠲᠡᠭᠡᠨ 17᠂ 18 ᠭᠷᠠᠳᠦ᠋ᠰ ᠠᠴᠠ ᠣᠲᠣ ᠪᠤᠯᠬᠤ   ᠳᠤ 25 ᠭᠷᠠᠳᠦ᠋ᠰ ᠬᠦᠷᠦᠯ᠎ᠡ ᠭᠡᠵᠦ ᠳ᠋ᠠᠶ ᠴᠢᠩ ᠷᠦᠢ ᠰᠡᠳᠬᠢᠯ ᠬᠠᠨᠤᠮᠵᠢᠲᠠᠶ  ᠶᠠᠷᠢᠵᠦ ᠪᠠᠶᠢᠯ᠎ᠠ᠃    ᠣᠶᠢᠷ᠎ᠠ ᠶᠢᠨ ᠵᠢᠯ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠲᠦᠮᠡᠨ ᠤ ᠬᠠᠯᠠᠭᠤᠨ ᠲᠣᠯᠠᠭᠠᠨ ᠡᠪᠦᠯᠵᠢᠬᠦ ᠶᠢ ᠴᠢᠬᠤᠯᠠᠴᠢᠯᠠᠨ ᠦᠵᠡᠵᠦ᠂ ᠢᠯᠴᠢ ᠬᠠᠩᠭᠠᠬᠤ ᠬᠤᠭᠤᠯᠠᠶ ᠶᠢᠨ ᠲᠤᠤᠷ ᠢ ᠲᠠᠰ ᠳᠡᠪᠰᠢᠭᠦᠯᠦᠨ ᠥᠭᠡᠷᠡᠴᠢᠯᠡᠬᠦ᠂ ᠢᠯᠴᠢ ᠬᠠᠩᠭᠠᠬᠤ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠬᠠᠭᠤᠴᠢᠨ  ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠤᠤᠷ ᠢ ᠥᠭᠡᠷᠡᠴᠢᠯᠡᠬᠦ ᠢᠨᠵᠧᠨᠧᠷᠢᠩ ᠢ ᠬᠦᠴᠦᠯᠡᠨ ᠠᠬᠢᠭᠤᠯᠵᠤ ᠂ ᠡᠪᠦᠯ ᠤᠨ ᠤᠯᠠᠷᠢᠯ ᠤᠨ ᠲᠥᠪᠯᠡᠷᠡᠭᠦᠯᠦᠨ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠢᠯᠴᠢ ᠬᠠᠩᠭᠠᠬᠤ ᠠᠵᠢᠯ ᠢ  ᠰᠠᠶᠢᠲᠤᠷ ᠬᠢᠵᠦ᠂ ᠣᠯᠠᠨ ᠲᠦᠮᠡᠨ ᠤ ᠡᠪᠦᠯ ᠤᠨ ᠤᠯᠠᠷᠢᠯ ᠢ ᠬᠠᠯᠠᠭᠤᠨ ᠲᠤᠯᠠᠭᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠤᠯᠠᠭᠰᠠᠭᠠᠷ ᠢᠷᠡᠵᠠᠢ᠃      ᠰᠤᠷᠪᠤᠯᠵᠢᠯᠠᠭᠴᠢ  ᠬᠤᠰᠢᠭᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶᠠᠨ ᠠᠴᠠ ᠣᠶᠢᠯᠠᠭᠠᠭᠰᠠᠨ ᠨᠢ᠂ 2024 ᠣᠨ ᠳᠤ ᠪᠠᠷᠠᠭᠤᠨ ᠦᠵᠦᠮᠦᠴᠢᠨ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠳᠤ 2140 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠭᠤᠤᠯᠳᠠᠭᠤ᠄ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠤᠲᠠ ᠪᠠᠯᠭᠠᠰᠤᠨ ᠤ ᠬᠠᠭᠤᠴᠢᠨ  ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠶᠯ ᠵᠢᠴᠢ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷᠭᠤᠤᠯ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢᠨ ᠥᠷᠭᠡᠳᠬᠡᠨ ᠪᠠᠶᠢᠭᠤᠯᠬᠤ ᠥᠭᠡᠷᠡᠴᠢᠯᠡᠯᠲᠡ ᠶᠢᠨ ᠲᠥᠷᠥᠯ ᠵᠦᠶᠯ ᠪᠠᠭᠲᠠᠨ᠎ᠠ᠃        ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ   ᠤᠨ ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠨᠢ᠄ ᠵᠠᠰᠠᠭ ᠤᠨ ᠣᠷᠳᠣᠨ ᠤ ᠬᠡᠷ ᠪᠦᠯᠢ ᠶᠢᠨ ᠠᠰᠠᠷ᠂ ᠠᠬᠠᠮᠠᠳ ᠺᠠᠳ᠋ᠷᠴᠤᠳ ᠤᠨ  ᠲᠤᠪᠴᠢᠶᠠᠨ ᠤ ᠬᠡᠷ ᠪᠦᠯᠢ ᠶᠢᠨ ᠠᠰᠠᠷ᠂ ᠰᠢᠨ᠎ᠡ ᠤᠯᠤᠰ ᠤᠨ ᠭᠠᠶᠢᠯᠢ ᠶᠢᠨ ᠬᠡᠷ ᠪᠦᠯᠢ ᠶᠢᠨ ᠠᠰᠠᠷ᠂ ᠬᠠᠭᠤᠴᠢᠨ ᠳᠣᠲᠣᠭᠠᠳᠤ ᠶᠢ ᠬᠠᠮᠠᠭᠠᠯᠠᠬᠤ ᠠᠰᠠᠷ᠂ ᠰᠢᠨ᠎ᠡ ︵ᠬᠠᠭᠤᠴᠢᠨ ︶ᠣᠷᠣᠨ ᠨᠤᠲᠤᠭ ᠤᠨ ᠭᠠᠶᠢᠯᠢ ᠶᠢᠨ ᠠᠰᠠᠷ᠂ ᠠᠮᠤ ᠪᠤᠳᠠᠭᠠᠨ ᠤ ᠠᠷᠠᠯᠵᠢᠶᠠᠨ ᠤ ᠰᠠᠭᠤᠭᠠᠯᠢ ᠲᠣᠭᠤᠷᠢᠭ᠂ ᠬᠠᠭᠤᠴᠢᠨ ᠠᠵᠢᠯᠴᠢᠨ ᠤ ᠡᠪᠯᠡᠯ ᠤᠨ ᠠᠰᠠᠷ᠂ ᠬᠤᠳᠳᠤᠭ ᠮᠠᠯᠲᠠᠬᠤ ᠠᠩᠭᠢ᠂ ᠪᠠᠯᠭᠠᠷ ᠠᠰᠠᠷ᠂ ᠬᠢᠵᠢᠭ ᠰᠡᠷᠭᠡᠶᠢᠯᠡᠬᠦ  ᠦᠷᠳᠡᠭᠡᠨ ᠤ ᠬᠡᠷ ᠪᠦᠯᠢ ᠶᠢᠨ ᠠᠰᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 1 ᠳ᠋ᠤᠭᠡᠷ ᠨᠣᠮᠧᠷᠲᠤ ᠠᠰᠠᠷ ᠪᠠ 2 ᠳ᠋ᠤᠭᠠᠷ ᠨᠣᠮᠧᠷᠲᠤ ᠠᠰᠠᠷ᠂ ᠠᠷᠠᠳ ᠤᠨ ᠶᠠᠪᠤᠳᠠᠯ ᠤᠨ ᠬᠡᠷ ᠪᠦᠯᠢ ᠶᠢᠨ ᠠᠰᠠᠷ᠂ ᠡᠳ᠋ ᠤᠨ ᠵᠠᠰᠠᠭ ᠤᠨ ᠲᠤᠪᠴᠢᠶᠠᠨ  ᠤ ᠬᠡᠷ ᠪᠦᠯᠢ ᠶᠢᠨ ᠠᠰᠠᠷ᠂ ᠬᠠᠭᠤᠴᠢᠨ ᠣᠶ ᠰᠢᠭᠤᠶ ᠶᠢᠨ ᠲᠤᠪᠴᠢᠶᠠᠨ ᠤ ᠬᠡᠷ ᠪᠦᠯᠢ ᠶᠢᠨ ᠠᠰᠠᠷ ᠵᠡᠷᠭᠡ ᠨᠡᠶᠢᠲᠡ 15 ᠬᠠᠭᠤᠴᠢᠨ ᠰᠠᠭᠤᠭᠠᠯᠢ ᠲᠣᠭᠤᠷᠢᠭ ᠪᠠᠶᠢᠵᠦ᠂ᠣᠳᠣᠬᠠᠨ ᠳᠤ ᠲᠣᠰ ᠲᠥᠷᠥᠯ ᠵᠦᠶᠯ ᠨᠢ ᠶᠠᠭ ᠡᠮᠦᠨᠡᠬᠢ ᠬᠤᠭᠤᠴᠠᠭᠠᠨ ᠤ ᠭᠠᠷ ᠭᠦᠶᠴᠡᠳᠬᠡᠯ ᠢ ᠭᠦᠶᠴᠡᠳᠬᠡᠵᠦ ᠪᠣᠶ᠂ ᠵᠢᠱᠢᠯᠲᠡ ᠪᠠᠷ 4 ᠰᠠᠷ᠎ᠠ ᠶᠢᠨ ᠳᠤᠮᠳᠠᠴᠢ ᠪᠠᠷ ᠠᠵᠢᠯ ᠡᠬᠢᠯᠡᠭᠦᠯᠵᠦ᠂ 9 ᠰᠠᠷ᠎ᠠ ᠶᠢᠨ ᠳᠤᠮᠳᠠᠴᠢ ᠪᠠᠷ ᠠᠵᠢᠯ ᠳᠠᠭᠤᠰᠬᠠᠪᠠᠯ᠂ ᠬᠡᠰᠡᠭ ᠬᠠᠭᠤᠴᠢᠨ  ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠵᠤ ᠪᠣᠯᠤᠨ᠎ᠠ᠃ ᠪᠠᠷᠠᠭᠤᠨ ᠦᠵᠦᠮᠦᠴᠢᠨ ᠬᠤᠰᠢᠭᠤᠨ ᠤ ᠪᠠᠯᠭᠠᠷ  ᠭᠤᠤᠯ ᠪᠠᠯᠭᠠᠰᠤᠨ ᠤ ᠢᠯᠴᠢ ᠬᠠᠩᠭᠠᠬᠤ ᠬᠤᠭᠤᠯᠠᠶ ᠶᠢ ᠥᠷᠭᠡᠳᠬᠡᠨ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠭᠡᠪᠡᠯ᠂ ᠨᠢᠭᠡ ᠳᠤ᠂ ᠰᠢᠨ᠎ᠡ ᠪᠠᠷ ᠪᠠᠶᠢᠭᠤᠯᠤᠭᠰᠠᠨ ᠵᠢᠨᠱᠠᠨ ᠴᠠᠬᠢᠯᠭᠠᠨ ᠤ ᠦᠶᠯᠡᠳᠪᠦᠷᠢ ᠠᠴᠠ ᠰᠢᠤᠢ ᠿᠢ ᠰᠠᠭᠤᠭᠠᠯᠢ ᠲᠤᠭᠤᠷᠢᠭ ᠬᠥᠷᠬᠦ ᠵᠠᠮ ᠤᠨ ᠠᠭᠤᠯᠵᠠᠷ ᠤᠨ ᠢᠯᠴᠢ ᠬᠠᠩᠭᠠᠬᠤ ᠬᠤᠭᠤᠯᠠᠶ ᠪᠣᠯᠤᠨ᠎ᠠ᠂ ᠣᠷᠳᠣ ᠶᠢᠨ ᠬᠡᠮᠵᠢᠶ᠎ᠡ ᠨᠢ 5180 ᠮᠧᠲᠷ ᠪᠠᠶᠢᠵᠤ᠂  ᠭᠤᠤᠯ ᠤᠨ ᠵᠡᠭᠦᠨ ᠬᠡᠰᠡᠭ ᠤᠨ ᠭᠠᠵᠠᠷ ᠣᠷᠣᠨ ᠢ ᠭᠤᠷᠣᠬᠠᠨ ᠵᠡᠭᠡᠯᠢ ᠶᠢᠨ ᠬᠤᠭᠤᠯᠠᠶ ᠲᠠᠢ ᠬᠤᠯᠪᠣᠵᠤ᠂ ᠣᠷᠳᠣ ᠶᠢᠨ ᠬᠡᠮᠵᠢᠶ᠎ᠡ  ᠨᠢ 870 ᠮᠧᠲᠷ ᠪᠣᠯᠤᠨ᠎ᠠ᠃ ᠬᠤᠶᠠᠷ ᠲᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠤᠨ ᠵᠡᠭᠦᠨ ᠡᠮᠦᠨ᠎ᠡ ᠲᠠᠯ᠎ᠠ ᠪᠣᠯᠤᠨ ᠬᠤᠶᠢᠲᠤ ᠲᠠᠯ᠎ᠠ ᠶᠢᠨ ᠢᠯᠴᠢ ᠬᠠᠩᠭᠠᠬᠤ ᠬᠤᠭᠤᠯᠠᠶ ᠶᠢ ᠲᠡᠰᠦᠯᠵᠦ᠂ ᠵᠡᠭᠦᠨ ᠲᠠᠯ᠎ᠠ ᠳᠤ 1090 ᠮᠧᠲᠷ ᠣᠷᠳᠣ ᠢᠯᠴᠢ ᠬᠠᠩᠭᠠᠬᠤ ᠬᠤᠭᠤᠯᠠᠶ ᠶᠢ ᠰᠢᠨ᠎ᠡ ᠪᠠᠷ ᠪᠠᠶᠢᠭᠤᠯᠤᠨ᠎ᠠ᠃ ᠲᠥᠯᠥᠪᠯᠡᠭᠡᠨ ᠳᠠᠬᠢ ᠪᠦᠬᠦ ᠪᠡᠯᠡ ᠣᠷᠣᠭᠤᠯᠤᠯᠲᠠ ᠨᠢ ᠪᠠᠷᠤᠭ 1700 ᠭᠠᠷᠤᠶ ᠲᠦᠮᠡᠨ ᠲᠥᠭᠦᠷᠢᠭ ᠪᠣᠯᠤᠨ᠎ᠠ᠃ ᠣᠳᠣᠬᠠᠨ ᠳᠤ ᠲᠣᠰ ᠲᠥᠷᠥᠯ ᠵᠦᠶᠯ ᠨᠢ ᠶᠠᠭ ᠡᠮᠦᠨᠡᠬᠢ ᠬᠤᠭᠤᠴᠠᠭᠠᠨ ᠤ ᠭᠠᠷ ᠭᠦᠶᠴᠡᠳᠬᠡᠯ ᠢ ᠭᠦᠶᠴᠡᠳᠬᠡᠵᠦ ᠪᠣᠶ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠠᠵᠢᠯ ᠡᠬᠢᠯᠡᠭᠦᠯᠵᠦ᠂ 9 ᠰᠠᠷ᠎ᠠ ᠶᠢᠨ ᠡᠬᠢ ᠪᠠᠷ ᠠᠵᠢᠯ ᠳᠠᠭᠤᠰᠬᠠᠬᠤ ᠪᠣᠯᠤᠨ᠎ᠠ᠃ ᠮᠠᠨ ᠤ ᠬᠤᠰᠢᠭᠤᠨ ᠤ  ᠪᠠᠯᠭᠠᠷᠭᠤᠤᠯ ᠪᠠᠯᠭᠠᠰᠤᠨ ᠤ ᠵᠡᠭᠦᠨ ᠬᠤᠶᠢᠲᠤ ᠬᠡᠰᠡᠭ ᠤᠨ ᠭᠤᠤᠯ ᠬᠠᠮᠢᠶᠠᠷᠤᠯᠲᠠ ᠶᠢᠨ ᠲᠤᠤᠷ ᠤᠨ ᠢᠯᠴᠢ ᠬᠠᠩᠭᠠᠬᠤ ᠳᠠᠷᠤᠯᠲᠠ ᠶᠢ ᠪᠠᠭᠤᠷᠠᠭᠤᠯᠬᠤ ᠶᠢᠨ ᠬᠠᠮᠲᠤ᠂ ᠭᠤᠤᠯ ᠤᠨ ᠵᠡᠭᠦᠨ ᠬᠡᠰᠡᠭ ᠤᠨ ᠲᠥᠪᠯᠡᠷᠡᠭᠦᠯᠦᠨ ᠢᠯᠴᠢ ᠬᠠᠩᠭᠠᠬᠤ ᠳᠤ ᠰᠠᠶᠢᠨ ᠰᠠᠭᠤᠷᠢ ᠲᠠᠯᠪᠢᠵᠤ  ᠦᠭᠭᠦ ᠪᠤᠯᠥᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号