| ᠬᠦᠬᠡ ᠯᠤᠤ ᠵᠢᠯ ᠤᠨ ᠴᠠᠭᠠᠨ ᠰᠠᠷ᠎ᠠ ᠶᠢᠨ ᠬᠤᠷᠢᠳ ᠢᠶᠠᠷ ᠤᠯᠤᠰ ᠤᠨ ᠬᠤᠶᠠᠳᠤᠭᠠᠷ ᠳᠡᠰ ᠤᠨ | ᠳᠤᠭᠯᠠᠭᠴᠢ᠂ ᠤᠷᠤᠨ ᠤ ᠳᠡᠰ ᠤᠨ ᠮᠤᠩᠭᠤᠯ ᠤᠷᠳᠤ ᠶᠢᠨ ᠳᠠᠭᠤᠤ ᠶᠢᠨ ᠪᠤᠳᠠᠰ ᠤᠨ ᠪᠤᠰᠤ ᠰᠤᠶᠤᠯ ᠤᠨ ᠦᠪᠯᠡᠨ | ᠤᠯᠠᠮᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠤᠤᠯ ᠤᠨ ᠠᠬᠠᠮᠠᠳ ᠳᠠᠭᠤᠴᠢᠨ | ᠬᠦᠦᠳᠡᠬᠦᠲᠦ ᠶᠢ ᠰᠤᠷᠪᠤᠯᠵᠢᠯᠠᠭᠰᠠᠨ ᠶᠤᠮ᠃ ᠳᠠᠭᠤᠴᠢᠨ ᠬᠦᠦᠳᠡᠭᠦᠦᠲᠦ 1962 ᠤᠨ ᠤ ᠳᠡᠯᠭᠡᠷ ᠵᠤᠨ | ᠦᠵᠦᠮᠦᠴᠢᠨ ᠳᠠᠪᠤᠨ ᠬᠠᠨ ᠠᠭᠤᠯᠠ ᠶᠢᠨ ᠨᠢᠭᠡᠨ ᠪᠤᠯᠬᠤ ᠱᠠᠪᠠᠷᠭᠠᠨ ᠬᠠᠨ ᠠᠭᠤᠯᠠ ᠶᠢᠨ ᠪᠠᠷᠠᠭᠤᠨ ᠬᠤᠶᠢᠨ᠎ᠠ ᠠᠷᠤ | ᠬᠤᠩᠬᠤᠷ ᠭᠡᠳᠡᠭ ᠰᠠᠶᠢᠬᠠᠨ ᠨᠤᠲᠤᠭ ᠲᠤ ᠡᠴᠢᠭᠡ ᠬᠠᠶᠠᠩᠬᠠᠷᠸᠠ᠂ ᠡᠬᠡ ᠪᠤᠷᠤᠬᠦᠦ ᠶᠢᠨ ᠢᠶᠠᠨ ᠬᠤᠶᠠᠳᠤᠭᠠᠷ ᠥᠬᠢᠨ | ᠨᠢ ᠪᠤᠯᠤᠨ ᠵᠠᠶᠠᠭᠠᠵᠠᠢ᠃ ᠦᠩ ᠦᠷᠭᠡᠨ ᠦᠵᠦᠮᠦᠴᠢᠨ ᠨᠤᠲᠤᠭ ᠤᠨ ᠢᠶᠠᠨ ᠳᠤᠷᠭᠠᠨ ᠬᠦᠷᠦᠰᠦᠨ ᠳᠡᠭᠡᠷ᠎ᠡ ᠳᠠᠪᠤᠨ | ᠦᠶ᠎ᠡ ᠶᠢᠨ ᠳᠠᠭᠤᠴᠢ ᠤᠳᠤᠮ ᠵᠠᠯᠭᠠᠭᠰᠠᠨ ᠡᠨᠡ ᠠᠶᠢᠯ ᠳᠤ ᠲᠦᠷᠦᠵᠦ ᠦᠰᠦᠭᠰᠡᠨ ᠲᠡᠷᠡᠪᠡᠷ ᠤᠷᠳᠤ ᠶᠢᠨ | ᠳᠠᠭᠤᠤ ᠶᠢᠨ ᠤᠶᠠᠩᠭ᠎ᠠ ᠰᠢᠷᠤᠩᠬᠠᠢ ᠳᠤ ᠪᠦᠪᠡᠶᠢᠯᠡᠭᠳᠡᠵᠦ᠂ ᠳᠠᠭᠤᠤ ᠬᠤᠭᠤᠷ ᠤᠨ ᠰᠢᠮ᠎ᠡ ᠶᠢ ᠬᠦᠷᠳᠡᠨ ᠤᠬᠠᠭᠠᠵᠢᠨ | ᠪᠣᠶᠢᠵᠢᠭᠰᠠᠨ ᠢᠶᠠᠷ ᠳᠠᠭᠤᠴᠢᠨ ᠪᠤᠯᠬᠤ ᠶᠢᠨ ᠠᠩᠬᠠᠨ ᠤ ᠳᠠᠪᠢᠯᠠᠩ ᠳᠤ ᠢᠪᠡᠭᠡᠭᠳᠡᠭᠰᠡᠨ ᠪᠠᠶᠢᠨ᠎ᠠ᠃ ᠳᠠᠭᠤᠨ ᠳᠤ | ᠠᠪᠢᠶᠠᠰᠯᠢᠭ ᠠᠪᠤ ᠡᠵᠢ ᠶᠢᠨ ᠢᠶᠠᠨ ᠨᠦᠯᠦᠭᠡ ᠪᠠᠷ ᠠᠷᠪᠠᠨ ᠲᠠᠪᠤ ᠵᠢᠷᠭᠤᠭᠠᠨ ᠨᠠᠰᠤᠨ ᠠᠴᠠ ᠪᠠᠨ ᠡᠬᠢᠯᠡᠨ | ᠦᠵᠦᠮᠦᠴᠢᠨ ᠨᠤᠲᠤᠭ ᠤᠨ ᠤᠷᠳᠤ ᠶᠢᠨ ᠳᠠᠭᠤᠤ ᠶᠢ ᠰᠠᠶᠢᠬᠠᠨ ᠳᠠᠭᠤᠯᠠᠵᠤ᠂ ᠨᠤᠲᠤᠭ ᠤᠰᠤᠨ ᠤ ᠠᠶᠢᠯ ᠠᠶᠢᠮᠠᠭ | ᠤᠨ ᠢᠶᠠᠨ ᠨᠠᠰᠤᠨ ᠪᠠᠶᠠᠷ᠂ ᠵᠢᠯ ᠤᠰᠤᠨ ᠤ ᠨᠠᠶᠢᠷ᠂ ᠠᠬ᠎ᠠ ᠡᠭᠡᠴᠢ ᠨᠠᠷ ᠤᠨ ᠢᠶᠠᠨ ᠤᠷᠤᠭ ᠬᠤᠷᠢᠮ ᠳᠡᠭᠡᠷ᠎ᠡ | ᠤᠷᠳᠤ ᠶᠢᠨ ᠳᠠᠭᠤᠤ ᠪᠠᠨ ᠳᠠᠭᠤᠯᠠᠵᠤ ᠨᠠᠰᠤᠳᠠᠨ ᠪᠤᠭᠤᠷᠤᠯᠴᠤᠳ ᠤᠨ ᠪᠠᠭ᠋ᠠᠷᠬᠠᠯ ᠢ ᠤᠯᠵᠤ ᠪᠠᠶᠢᠵᠠᠢ᠃ | ᠳᠠᠭᠤᠴᠢᠨ ᠬᠦᠦᠳᠡᠭᠦᠦᠲᠦ ᠤᠯᠠᠭᠠᠨᠮᠦ᠋ᠴᠢᠷ ᠲᠤ ᠡᠯᠰᠡᠭᠳᠡᠭᠰᠡᠨ ᠤ ᠳᠠᠷᠠᠭ᠎ᠠ ᠤᠷᠠᠯᠢᠭ ᠤᠨ ᠪᠠᠭᠰᠢ ᠨᠠᠷ | ᠤᠨ ᠵᠢᠭᠠᠨ ᠰᠤᠷᠭᠠᠯᠳᠠ ᠳᠤᠤᠷ᠎ᠠ ᠳᠠᠭᠤᠤ ᠤᠷᠠᠯᠢᠭ ᠤᠨ ᠦᠨᠳᠦᠰᠦᠨ ᠮᠡᠳᠡᠯᠭᠡ ᠶᠢ ᠰᠡᠳᠬᠢᠯ ᠳᠠᠯᠪᠢᠨ ᠰᠢᠮᠳᠠᠨ | ᠰᠤᠷᠤᠯᠴᠠᠵᠤ᠂ ᠮᠦᠨᠴᠦ ᠤᠷᠳᠤ ᠶᠢᠨ ᠳᠠᠭᠤ ᠶᠢ ᠳᠠᠭᠤᠯᠠᠬᠤ ᠠᠷᠭ᠎ᠠ ᠮᠠᠶ᠋ᠢᠭ ᠤᠨ ᠲᠠᠯ᠎ᠠ ᠪᠠᠷ ᠰᠠᠶᠢᠲᠤᠷ | ᠡᠵᠡᠮᠰᠢᠬᠦ ᠶᠢᠨ ᠳᠠᠭᠠᠤ ᠬᠤᠪᠢᠰ ᠬᠦᠭᠵᠢᠮ ᠢ ᠭᠤᠤᠯᠳᠠᠯᠭ᠎ᠠ ᠲᠠᠢ ᠰᠤᠷᠴᠤ᠂ ᠪᠠᠭᠰᠢ ᠨᠠᠷ ᠪᠤᠯᠤᠨ ᠬᠠᠮᠲᠤ | ᠳᠤᠭᠯᠠᠭᠴᠢᠳ ᠤᠨ ᠢᠶᠠᠨ ᠬᠠᠪᠰᠤᠷᠤᠯᠭ᠎ᠠ ᠪᠠ ᠰᠢᠷᠭᠠᠭᠤ ᠴᠢᠷᠮᠠᠶᠢᠯᠭ᠎ᠠ ᠪᠠᠷ ᠢᠶᠠᠨ ︽ᠨᠢᠭᠡ ᠳᠤ ᠮᠡᠷᠭᠡᠰᠢᠵᠦ᠂ ᠤᠯᠠᠨ | ᠳᠤ ᠴᠠᠭᠠᠷᠠᠭᠰᠠᠨ︾ ᠤᠯᠠᠭᠠᠨᠮᠦ᠋ᠴᠢᠷ ᠤᠨ ᠬᠦᠩᠬᠡᠨ ᠮᠤᠷᠢᠲᠦ ᠴᠡᠷᠢᠭ ᠤᠨ ᠨᠢᠭᠡᠨ ᠪᠠᠶᠢᠯᠳᠤᠭᠴᠢ ᠪᠣᠯᠣᠨ | ᠬᠦᠮᠦᠵᠢᠭᠳᠡᠵᠠᠢ᠃ ᠤᠯᠠᠭᠠᠨᠮᠦᠴᠢᠷ ᠲᠤ ᠠᠵᠢᠯᠯᠠᠭᠰᠠᠨ 20 ᠭᠠᠷᠦᠢ ᠵᠢᠯ ᠤᠨ ᠳᠤᠷᠰᠢ ᠲᠡᠷᠡ ᠮᠤᠩᠭᠤᠯ ᠤᠷᠳᠤ ᠶᠢᠨ | ᠳᠠᠭᠤᠤ ᠪᠠᠨ ᠳᠠᠭᠤᠯᠠᠵᠤ᠂ ᠬᠦᠮᠦᠨ ᠵᠤᠨ ᠤ ᠪᠠᠨ ᠰᠣᠨᠤᠷ ᠢ ᠮᠢᠯᠢᠶᠡᠨ ᠰᠡᠳᠬᠢᠯ ᠢ ᠪᠠᠶᠠᠰᠬᠠᠵᠤ ᠶᠠᠪᠤᠭᠰᠠᠨ ᠪᠦᠭᠡᠳ | ᠠᠵᠢᠯ ᠤᠨ ᠴᠢᠯᠦᠭᠡ ᠪᠠᠷ ᠢᠶᠠᠨ ᠳᠠᠭᠤᠤ ᠶᠢᠨ ᠰᠢᠯᠦᠭ ᠪᠢᠴᠢᠵᠦ ᠠᠶᠠᠯᠭᠤ ᠵᠣᠬᠢᠶᠠᠨ᠂ ᠤᠳᠤ ᠪᠤᠯᠬᠤ ᠳᠤ ᠨᠢᠭᠡᠨᠳᠡ | 50 ᠭᠠᠷᠦᠢ ᠳᠠᠭᠤᠤ ᠵᠤᠬᠢᠶᠠᠭᠰᠠᠨ ᠮᠦᠷᠲᠡᠭᠡᠨ ᠡᠳᠡᠭᠡᠷ ᠳᠠᠭᠤᠤ ᠨᠤᠭᠤᠳ ᠢ ᠨᠢ ᠤᠯᠤᠰ ᠤᠷᠤᠨ ᠠᠶᠢᠮᠠᠭ | ᠬᠤᠰᠢᠭᠤᠨ ᠤ ᠨᠡᠷᠡᠲᠦ ᠳᠠᠭᠤᠴᠢᠳ ᠳᠠᠭᠤᠯᠠᠵᠤ ᠠᠷᠠᠳ ᠣᠯᠠᠨ ᠤ ᠪᠠᠨ ᠰᠣᠨᠣᠷ ᠲᠤ ᠬᠦᠷᠭᠡᠭᠰᠡᠨ ᠪᠠᠶᠢᠨ᠎ᠠ᠃ | ᠳᠡᠬᠦᠨ ᠤ ᠵᠤᠬᠢᠶᠠᠭᠰᠠᠨ ︽ᠳᠠᠪᠤᠨ ᠬᠠᠨ ᠠᠭᠤᠯᠠᠰ ᠮᠢᠨᠢ︾ ᠭᠡᠬᠦ ᠵᠤᠬᠢᠶᠠᠯ ᠤᠨ ᠳᠠᠭᠤᠤ ᠶᠢ ᠨᠢ ᠮᠤᠩᠭᠤᠯ ᠤᠯᠤᠰ | ᠤᠨ ᠰᠤᠶᠤᠯ ᠤᠨ ᠲᠡᠷᠢᠬᠦᠨ ᠤ ᠠᠵᠢᠯᠳᠠᠨ ᠳᠠᠭᠤᠴᠢᠨ ᠴᠢᠯᠠᠭᠤᠨᠴᠢᠮᠡᠭ ᠠᠮᠢᠯᠠᠭᠤᠯᠤᠨ ᠳᠠᠭᠤᠯᠠᠵᠤ | ᠰᠤᠨᠤᠰᠤᠭᠴᠢᠳ ᠤᠨ ᠳᠠᠭᠠᠰᠢᠶᠠᠯ ᠬᠦᠷᠢᠶᠡᠯᠡᠯ ᠢ ᠤᠯᠤᠭᠰᠠᠨ ᠶᠤᠮ᠃ ᠬᠦᠦᠳᠡᠭᠦᠦᠲᠦ 2001 ᠤᠨ ᠳᠤ ᠠᠵᠢᠯ | ᠤᠨ ᠴᠢᠬᠤᠯᠠᠴᠢᠯᠠᠭ᠎ᠠ ᠪᠠᠷ ᠬᠤᠰᠢᠭᠤ ᠰᠤᠶᠤᠯ ᠤᠨ ᠤᠷᠳᠤᠨ ᠳᠤ ᠠᠵᠢᠯ ᠰᠢᠯᠵᠢᠪᠠ᠃ ᠡᠨᠡᠬᠦ ᠬᠤᠭᠤᠴᠠᠭᠠᠨ ᠳᠤ | ᠠᠯᠪᠠᠨ ᠤ ᠠᠵᠢᠯ ᠶᠠᠪᠤᠳᠠᠯ ᠤᠨ ᠢᠶᠠᠨ ᠴᠢᠯᠦᠭᠡ ᠵᠠᠪ ᠢᠶᠠᠷ ᠰᠤᠶᠤᠯ ᠤᠷᠠᠯᠢᠭ ᠤᠨ ᠠᠵᠢᠯᠯᠠᠭᠠᠨ ᠳᠤ ᠢᠳᠡᠪᠬᠢᠳᠡᠢ | ᠤᠷᠤᠯᠴᠠᠨ᠂ ᠬᠤᠰᠢᠭᠤ ᠠᠶᠢᠮᠠᠭ ᠤᠨ ᠪᠦᠯᠬᠦᠮ ᠨᠢᠭᠡᠴᠡ ᠶᠢ ᠳᠠᠭᠠᠵᠤ ᠪᠦᠬᠦ ᠤᠯᠤᠰ ᠤᠨ ᠬᠡᠪᠴᠢᠶᠡᠨ ᠤ | ᠳᠤᠭᠯᠠᠯᠳᠠ ᠪᠠ ᠳᠠᠭᠤᠤ ᠶᠢᠨ ᠤᠷᠤᠯᠳᠤᠭᠠᠨ ᠳᠤ ᠤᠷᠤᠯᠴᠠᠵᠤ᠂ ᠠᠮᠵᠢᠯᠳᠠ ᠪᠦᠲᠦᠮᠵᠢᠲᠡᠢ ᠶᠠᠪᠤᠵᠠᠢ᠃ 2002 | ᠤᠨ ᠳᠤ ᠵᠧᠵᠢᠶᠠᠩ ᠮᠤᠵᠢ ᠶᠢᠨ ᠬᠠᠩᠵᠸᠦ ᠬᠤᠳᠠ ᠳᠤ ᠶᠠᠪᠤᠭᠳᠠᠭᠰᠠᠨ ᠪᠦᠬᠦ ᠤᠯᠤᠰ ᠤᠨ ᠠᠷᠠᠳ ᠤᠨ ᠳᠠᠭᠤᠤ | ᠶᠢᠨ ᠤᠷᠤᠯᠳᠤᠭᠠᠨ ᠳᠤ ︽ᠰᠠᠷᠠᠭᠤᠯ ᠲᠠᠯ᠎ᠠ︾ ᠭᠡᠬᠦ ᠮᠤᠩᠭᠤᠯ ᠠᠷᠠᠳ ᠤᠨ ᠤᠷᠳᠤ ᠶᠢᠨ ᠳᠠᠭᠤᠤ ᠪᠠᠨ ᠳᠠᠭᠤᠯᠠᠨ | ︽ᠰᠢᠯᠢᠳᠡᠭ︾ ᠱᠠᠩᠨᠠᠯ ᠳᠤᠰᠴᠦ᠂ 2004 ᠤᠨ ᠳᠤ ᠱᠠᠨᠰᠢ ᠮᠤᠵᠢ ᠳᠤ ᠶᠠᠪᠤᠭᠳᠠᠭᠰᠠᠨ ᠪᠦᠬᠦ ᠤᠯᠤᠰ ᠤᠨ | ᠬᠤᠶᠠᠳᠤᠭᠠᠷ ᠤᠳᠠᠭᠠᠨ ᠤ ᠠᠷᠠᠳ ᠤᠨ ᠳᠠᠭᠤᠤ ᠶᠢᠨ ᠤᠷᠤᠯᠳᠤᠭᠠᠨ ᠳᠤ ︽ᠳᠠᠭᠤᠤ ᠶᠢᠨ ᠸᠠᠩ︾ ᠴᠤᠯᠠ | ᠬᠦᠷᠳᠡᠵᠦ᠂ 2008 ᠤᠨ ᠳᠤ ᠪᠡᠭᠡᠵᠢᠩ ᠳᠤ ᠶᠠᠪᠤᠭᠳᠠᠭᠰᠠᠨ ︽ᠳᠠᠭᠤᠤ ᠬᠦᠭᠵᠢᠮ ᠤᠨ ᠳᠠᠩᠬᠢᠮ︾ ᠤᠨ | ᠲᠣᠭᠯᠠᠯᠲᠠ ᠳᠤ ᠶᠢᠨ ᠱᠤ᠋ ᠮᠸᠢ᠂ ᠴᠧᠩ ᡁᠢ ᠵᠡᠷᠭᠡ ᠨᠡᠷᠡᠲᠦ ᠳᠤᠭᠯᠠᠭᠴᠢᠳ ᠲᠠᠢ ᠬᠠᠮᠲᠤ ᠤᠷᠤᠯᠴᠠᠵᠤ᠂ ︽ | ᠮᠠᠭᠳᠠᠭᠠᠯ︾ ᠳᠠᠭᠤᠤ ᠪᠠᠨ ᠳᠠᠭᠤᠯᠠᠨ ᠨᠡᠶᠢᠰᠯᠡᠯ ᠤᠨ ᠦᠵᠡᠭᠴᠢᠳ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ | ᠪᠠᠶᠢᠨ᠎ᠠ᠃ | ᠬᠦᠦᠳᠡᠭᠦᠦᠲᠦ ᠪᠠᠭᠰᠢ 1996 ᠤᠨ ᠠᠴᠠ 2016 ᠤᠨ ᠪᠤᠯᠳᠠᠯ᠎ᠠ ᠤᠯᠤᠰ ᠤᠨ ᠤᠳᠬ᠎ᠠ ᠤᠷᠠᠯᠢᠭ | ᠤᠨ ᠬᠤᠯᠪᠤᠭ᠎ᠠ ᠪᠤᠯᠤᠨ ᠤᠯᠤᠰ ᠤᠨ ᠰᠤᠶᠤᠯ ᠤᠨ ᠶᠠᠮᠤᠨ ᠠᠴᠠ ᠵᠤᠬᠢᠶᠠᠨ ᠪᠠᠶᠢᠭᠤᠯᠤᠭᠰᠠᠨ ᠰᠤᠶᠤᠯ ᠤᠷᠠᠯᠢᠭ ᠤᠨ | ᠰᠤᠯᠢᠯᠴᠠᠭᠠᠨ ᠤ ᠪᠦᠯᠬᠦᠮ ᠤᠨ ᠠᠩᠭᠢ ᠨᠢᠭᠡᠴᠡ ᠶᠢ ᠲᠠᠭᠠᠨ᠂ ᠮᠤᠩᠭᠤᠯ ᠤᠯᠤᠰ᠂ ᠠᠹᠷᠢᠺᠡ ᠲᠢᠪ ᠤᠨ ᠮᠤᠤ ᠯᠢ | ᠴᠦ᠋ ᠽᠢ᠂ ᠡᠨᠡᠳᠭᠡᠭ᠂ ᠺᠦᠷᠢᠶᠠ ᠵᠡᠷᠭᠡ ᠤᠯᠤᠰ ᠤᠷᠤᠨ ᠢᠶᠠᠷ ᠬᠦᠷᠴᠦ ᠳᠤᠭᠤᠷᠢᠨ ᠳᠤᠭᠯᠠᠯᠳᠠ ᠳᠤ ᠤᠷᠤᠯᠴᠠᠵᠤ᠂ | ᠡᠳᠡᠭᠡᠷ ᠤᠯᠤᠰ ᠤᠷᠤᠨ ᠤ ᠦᠵᠡᠭᠴᠢᠳ ᠲᠦᠮᠡᠨ ᠳᠤ ᠮᠤᠩᠭᠤᠯ ᠤᠷᠳᠤ ᠶᠢᠨ ᠳᠠᠭᠤᠤ ᠪᠠᠨ ᠰᠣᠨᠣᠷᠲᠠᠭᠤᠯᠤᠨ᠂ | ᠤᠷᠭᠤᠭ᠎ᠠ ᠳᠤᠩᠭᠠᠯᠠᠭ ᠬᠤᠭᠤᠯᠠᠢ᠂ ᠤᠶᠠᠩᠭ᠎ᠠ ᠡᠭᠡᠰᠢᠭᠲᠦ ᠰᠢᠷᠤᠩᠬᠠᠢ ᠪᠠᠷ ᠢᠶᠠᠨ ᠮᠤᠩᠭᠤᠯ ᠤᠷᠳᠤ ᠶᠢᠨ ᠳᠠᠭᠤᠨ | ᠤ ᠭᠠᠶᠢᠬᠠᠮᠰᠢᠭ ᠢ ᠤᠯᠠᠨ ᠤᠯᠤᠰ ᠲᠤ ᠳᠠᠭᠤᠷᠢᠰᠤᠭᠤᠯᠤᠭᠰᠠᠨ ᠶᠤᠮ᠃ | 2013 ᠤᠨ ᠳᠤ ᠬᠤᠰᠢᠭᠤ ᠤᠳᠬ᠎ᠠ ᠤᠷᠠᠯᠢᠭ ᠤᠨ ᠬᠤᠯᠪᠤᠭ᠎ᠠ ᠠᠴᠠ ᠬᠤᠰᠢᠭᠤ ᠠᠷᠠᠳ ᠤᠨ ᠳᠠᠭᠤᠨ | ᠤ ᠨᠡᠶᠢᠭᠡᠮᠯᠢᠭ ᠤᠨ ᠡᠷᠬᠢᠯᠡᠭᠴᠢ ᠶᠢᠨ ᠠᠵᠢᠯ ᠢ ᠬᠠᠷᠢᠭᠤᠴᠠᠭᠤᠯᠤᠭᠰᠠᠨ ᠳᠤ ᠲᠡᠷᠡ ᠤᠷᠳᠤ ᠶᠢᠨ ᠳᠠᠭᠤᠤ ᠶᠢᠨ | ᠦᠪᠯᠡᠨ ᠤᠯᠠᠮᠵᠢᠯᠠᠭᠴᠢ ᠪᠤᠯᠤᠭᠰᠠᠨ ᠤ ᠬᠤᠪᠢ ᠳᠤ ᠵᠤᠬᠢᠶᠠᠨ ᠪᠠᠶᠢᠭᠤᠯᠤᠯᠳᠠ ᠶᠢᠨ ᠨᠠᠶᠢᠳᠠᠯᠭ᠎ᠠ ᠶᠢ ᠬᠦᠰᠡᠷᠳᠡᠬᠦᠯᠬᠦ | ᠦᠬᠡᠢ ᠪᠠᠷ ᠴᠢᠷᠮᠠᠶᠢᠨ᠂ ᠳᠤᠰ ᠠᠵᠢᠯ ᠢ ᠳᠤᠷᠠᠳᠠᠶᠢᠶ᠎ᠠ ᠬᠦᠯᠢᠶᠡᠨ ᠠᠪᠴᠠᠢ᠃ 2020 ᠤᠨ ᠳᠤ ᠪᠠᠷᠠᠭᠤᠨ | ᠦᠵᠦᠮᠦᠴᠢᠨ ᠬᠤᠰᠢᠭᠤᠨ ᠤ ᠤᠷᠳᠤ ᠶᠢᠨ ᠳᠠᠭᠤᠴᠢᠳ ᠢᠶᠠᠷ ᠭᠤᠣᠯᠯᠠᠭᠰᠠᠨ 60 ᠭᠠᠷᠤᠢ ᠳᠠᠭᠤᠴᠢᠳ ᠢᠶᠠᠷ | ᠪᠦᠷᠢᠯᠳᠦᠭᠰᠡᠨ ︽ᠦᠪ ᠡᠷᠳᠡᠨᠢ︾ ᠬᠡᠬᠦ ᠤᠷᠳᠤ ᠶᠢᠨ ᠳᠠᠭᠤᠤ ᠶᠢ ᠵᠢᠭᠠᠬᠤ ᠬᠤᠯᠪᠤᠭ᠎ᠠ ᠶᠢ ᠪᠠᠶᠢᠭᠤᠯᠵᠤ᠂ | ᠳᠠᠭᠤᠴᠢᠳ ᠤᠨ ᠪᠤᠳᠠᠳᠠᠢ ᠪᠠᠶᠢᠳᠠᠯ ᠢ ᠦᠨᠳᠦᠰᠦᠯᠡᠨ᠂ ᠤᠷᠳᠤ ᠶᠢᠨ ᠳᠠᠭᠤᠤ ᠶᠢ ᠳᠠᠭᠤᠯᠠᠬᠤ ᠠᠷᠭ᠎ᠠ ᠪᠠᠷᠢᠯ᠂ | ᠦᠨᠳᠦᠰᠦᠨ ᠰᠠᠭᠤᠷᠢ ᠮᠡᠳᠡᠯᠭᠡ ᠶᠢ ᠸᠢᠴᠠᠲ ᠬᠤᠯᠪᠣᠭ᠎ᠠ ᠪᠠᠷ ᠳᠠᠮᠵᠢᠭᠤᠯᠤᠨ ᠰᠢᠰᠲ᠋ᠧᠮ ᠲᠠᠢ ᠵᠢᠭᠠᠭᠰᠠᠨ ᠪᠠᠶᠢᠨ᠎ᠠ᠃ | ᠲᠡᠷᠡ 1970 ᠤᠨ ᠤ ᠦᠶ᠎ᠡ ᠪᠠᠷ ᠵᠡᠬᠦᠨ ᠦᠵᠦᠮᠦᠴᠢᠨ ᠬᠤᠰᠢᠭᠤᠨ ᠤ ᠰᠠᠩᠵᠠᠢ ᠪᠠᠭᠰᠢ᠂ ᠫᠡ᠊᠂ ᠳᠤᠭᠠᠷ | ᠪᠠᠭᠰᠢ ᠶᠢᠨ ᠡᠮᠬᠢᠳᠭᠡᠨ ᠨᠠᠶᠢᠷᠠᠭᠤᠯᠤᠭᠰᠠᠨ ︽ᠦᠵᠦᠮᠦᠴᠢᠨ ᠠᠷᠠᠳ ᠤᠨ ᠳᠠᠭᠤᠤ︾ ᠬᠡᠬᠦ ᠳᠠᠭᠤᠤ ᠶᠢᠨ ᠨᠤᠮ | ᠳᠡᠪᠳᠡᠷ ᠲᠤ ᠳᠡᠮᠳᠡᠭᠯᠡᠭᠳᠡᠭᠰᠡᠨ ᠶᠡᠷᠦ ᠳᠠᠭᠤᠯᠠᠭᠳᠠᠭᠠ ᠦᠬᠡᠢ ᠬᠠᠭᠤᠴᠢᠨ ᠤᠷᠳᠤ ᠶᠢᠨ ᠳᠠᠭᠤᠤ ᠶᠢᠨ ᠨᠤᠲ ᠶᠢ ᠨᠢ | ᠥᠪᠡᠷ ᠢᠶᠠᠨ ᠰᠤᠷᠴᠤ᠂ ᠳᠠᠬᠢᠨ ᠳᠠᠪᠳᠠᠨ ᠰᠢᠩᠭᠡᠭᠡᠯᠳᠡ ᠬᠢᠵᠦ᠂ ᠳᠠᠭᠤᠤ ᠨᠤᠭᠤᠳ ᠤᠨ ᠤᠨᠴᠠᠯᠢᠭ ᠢ ᠰᠠᠶᠢᠳᠤᠷ | ᠡᠵᠡᠮᠰᠢᠭᠰᠡᠨ ᠰᠠᠭᠤᠷᠢᠨ ᠳᠡᠭᠡᠷ᠎ᠡ ︽ᠦᠪ ᠡᠷᠳᠡᠨᠢ︾ ᠬᠤᠯᠪᠤᠭ᠎ᠠ ᠶᠢᠨ ᠢᠶᠠᠨ ᠳᠠᠭᠤᠴᠢᠳ ᠲᠠᠭᠠᠨ ᠵᠢᠭᠠᠨ | ᠰᠤᠷᠭᠠᠳᠠᠭ ᠪᠠᠶᠢᠨ᠎ᠠ᠃ ᠤᠷᠴᠢᠮ ᠤᠨ 4 ᠵᠢᠯ ᠳᠣᠳᠤᠷ᠎ᠠ ︽ᠦᠪ ᠡᠷᠳᠡᠨᠢ︾ ᠳᠠᠭᠤᠴᠢᠳ ᠤᠨ ᠬᠤᠯᠪᠤᠭᠠᠨ ᠤ | ᠠᠷᠠᠳ ᠤᠨ ᠳᠠᠭᠤᠴᠢᠨ ᠳᠡᠬᠦᠰᠮᠡᠨᠳᠦ᠂ ᠤᠳᠬᠠᠨᠴᠢᠮᠡᠭ᠂ ᠬᠠᠰᠴᠡᠴᠡᠭ᠂ ᠰᠤᠪᠤᠳ ᠵᠡᠷᠭᠡ ᠳᠠᠭᠤᠴᠢᠳ ᠨᠢ ᠠᠶᠢᠮᠠᠭ | ᠬᠤᠰᠢᠭᠤᠨ ᠠᠴᠠ ᠡᠷᠬᠢᠯᠡᠨ ᠶᠠᠪᠤᠭᠳᠠᠭᠤᠯᠤᠭᠰᠠᠨ ᠤᠷᠳᠤ ᠶᠢᠨ ᠳᠠᠭᠤᠤ ᠶᠢᠨ ᠤᠷᠤᠯᠳᠤᠭᠠᠨ ᠪᠠ ᠬᠤᠯᠪᠤᠭ᠎ᠠ ᠵᠢᠷᠬᠢᠬᠡ | ᠲᠠᠪᠴᠠᠩ ᠤᠨ ᠳᠠᠭᠤᠤ ᠶᠢᠨ ᠤᠷᠤᠯᠳᠤᠭᠠᠨ ᠳᠤ ᠤᠯᠠᠨ ᠤᠳᠠᠭ᠎ᠠ ᠣᠷᠣᠯᠴᠠᠵᠤ ᠳᠡᠷᠢᠬᠦᠨ ᠳᠡᠳ᠋ ᠰᠢᠯᠢᠳᠡᠭ ᠨᠡᠷᠡᠰ | ᠲᠤ ᠳᠤᠳᠤᠷᠠᠵᠤ᠂ ᠡᠳᠡᠭᠡᠷ ᠶᠡᠷᠦ ᠳᠠᠭᠤᠯᠠᠭᠳᠠᠭᠠ ᠦᠬᠡᠢ ᠬᠠᠭᠤᠴᠢᠨ ᠤᠷᠳᠤ ᠶᠢᠨ ᠳᠠᠭᠤᠤ ᠪᠠᠨ ᠰᠡᠷᠬᠦᠬᠡᠨ | ᠳᠠᠭᠤᠯᠠᠭᠠᠳ ᠰᠤᠨᠤᠰᠤᠭᠴᠢᠳ ᠲᠦᠮᠡᠨ ᠤ ᠠᠩᠬᠠᠷᠤᠯ ᠢ ᠶᠡᠬᠡᠳᠡ ᠳᠠᠳᠠᠭᠰᠠᠨ ᠮᠦᠷᠲᠡᠭᠡᠨ ᠤᠷᠳᠤ ᠶᠢᠨ ᠳᠠᠭᠤᠤ ᠶᠢ | ᠰᠤᠷᠠᠵᠤ ᠰᠤᠳᠤᠯᠵᠤ ᠪᠠᠶᠢᠭ᠎ᠠ ᠳᠠᠭᠤᠤ ᠤᠷᠠᠯᠢᠭ ᠤᠨ ᠡᠷᠳᠡᠮᠳᠡᠨ ᠪᠠᠭᠰᠢ ᠶᠢᠨ ᠦᠨᠳᠦᠷ ᠦᠨᠡᠯᠡᠯᠳᠡ ᠶᠢ ᠤᠯᠤᠭᠰᠠᠨ | ᠪᠠᠶᠢᠨ᠎ᠠ᠃ ᠬᠦᠦᠳᠡᠭᠦᠦᠲᠦ ᠪᠠᠭᠰᠢ ᠤᠷᠳᠤ ᠬᠤᠭᠤᠴᠠᠭᠠᠨ ᠤ ᠳᠤᠷᠰᠢ ᠮᠤᠩᠭᠤᠯ ᠤᠷᠳᠤ ᠶᠢᠨ ᠳᠠᠭᠤᠤ ᠪᠠᠨ | ᠳᠠᠭᠤᠯᠠᠵᠤ ᠳᠡᠯᠬᠡᠷᠡᠬᠦᠯᠬᠦ ᠶᠠᠪᠤᠴᠠ ᠳᠤ ᠤᠷᠲᠤ ᠶᠢᠨ ᠳᠠᠭᠤᠤ ᠶᠢ ᠦᠪᠯᠡᠨ ᠤᠯᠠᠮᠵᠢᠯᠬᠤ ᠪᠠ ᠤᠯᠠᠮ ᠬᠦᠭᠵᠢᠬᠦᠯᠬᠦ | ᠶᠢᠨ ᠳᠤᠰᠠᠳᠠ 2004 ᠤᠨ ᠳᠤ ︽ᠦᠵᠡᠰᠬᠦᠯᠡᠩᠲᠦ ᠰᠠᠶᠢᠬᠠᠨ ᠦᠵᠦᠮᠦᠴᠢᠨ ᠨᠤᠲᠤᠭ︾ ᠬᠡᠬᠦ ᠤᠷᠳᠤ ᠶᠢᠨ | ᠳᠠᠭᠤᠤ᠂ ᠪᠤᠭᠤᠨᠢ ᠳᠠᠭᠤᠤ ᠶᠢᠨ ᠺᠡᠰᠧᠲ ᠬᠡᠪᠯᠡᠬᠦᠯᠵᠦ᠂ 2005 ᠤᠨ ᠳᠤ 2048 ᠪᠦᠬᠡ ᠲᠠᠢ ᠬᠤᠰᠢᠭᠤ ᠶᠡᠭᠡ | ᠨᠠᠶᠢᠷ ᠲᠤ ᠵᠣᠷᠢᠭᠤᠯᠤᠨ ︽ᠬᠠᠨ ᠠᠭᠤᠯᠠ ᠶᠢᠨ ᠴᠠᠰᠤ︾ ᠭᠡᠮᠡᠬᠦ ᠭᠡᠷᠡᠯ ᠪᠢᠴᠢᠯᠭᠡ ᠪᠤᠯᠤᠨ DVD ᠵᠡᠷᠭᠡ ᠶᠢ | ᠬᠡᠪᠯᠡᠬᠦᠯᠦᠨ ᠲᠠᠷᠬᠠᠭᠠᠵᠠᠢ᠃ ᠤᠯᠤᠰ ᠤᠷᠤᠨ ᠠᠶᠢᠮᠠᠭ ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ | ᠠᠴᠠ ᠬᠦᠦᠳᠡᠭᠦᠦᠲᠦ ᠪᠠᠭᠰᠢ ᠶᠢᠨ ᠤᠷᠠᠯᠢᠭ ᠰᠤᠶᠤᠯ ᠤᠨ ᠦᠢᠯᠡᠰ ᠲᠤ ᠴᠢᠷᠮᠠᠶᠢᠨ ᠵᠢᠳᠬᠦᠭᠰᠡᠨ ᠬᠦᠳᠡᠯᠮᠦᠷᠢ ᠶᠢ ᠨᠢ | ᠦᠨᠡᠯᠡᠵᠦ᠂ 30 ᠭᠠᠷᠤᠢ ᠤᠳᠠᠭ᠎ᠠ ᠰᠠᠶᠢᠰᠢᠶᠠᠯ ᠬᠦᠬᠢᠬᠦᠯᠦᠯ ᠢ ᠤᠯᠭᠤᠭᠰᠠᠨ ᠪᠠᠶᠢᠨ᠎ᠠ᠃ | |