ᠪᠠᠷᠠᠭᠤᠨ ᠦᠵᠦᠮᠦᠴᠢᠨ ᠬᠤᠰᠢᠭᠤ ᠣᠶᠢᠷ᠎ᠠ ᠶᠢᠨ ᠬᠤᠭᠤᠴᠠᠭᠠᠨ ᠳᠤ ︽ᠡᠯᠧᠺᠲᠷᠣᠨ ᠬᠤᠳᠠᠯᠳᠤᠭᠠᠨ ᠤ ᠮᠡᠷᠭᠡᠵᠢᠯᠲᠡᠨ︾᠎ ᠤ ᠪᠣᠯᠪᠠᠰᠤᠷᠠᠯ ᠤᠨ ᠠᠩᠭᠢ ᠡᠷᠭᠢᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/18
     ᠪᠠᠷᠠᠭᠤᠨ ᠦᠵᠦᠮᠦᠴᠢᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠪᠠᠷᠠᠭᠤᠨ ᠦᠵᠦᠮᠦᠴᠢᠨ ᠬᠤᠰᠢᠭᠤᠨ ᠤ ᠠᠨ ᠵᠢᠶᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠤ ᠨᠠᠶᠢᠳᠠᠵᠤ ᠣᠶᠢᠷ᠎ᠠ ᠶᠢᠨ ᠬᠤᠭᠤᠴᠠᠭᠠᠨ ᠳᠤ ︽ᠡᠯᠧᠺᠲᠷᠣᠨ ᠬᠤᠳᠠᠯᠳᠤᠭᠠᠨ ᠤ ᠮᠡᠷᠭᠡᠵᠢᠯᠲᠡᠨ︾᠎ ᠤ ᠪᠣᠯᠪᠠᠰᠤᠷᠠᠯ ᠤᠨ ᠠᠩᠭᠢ ᠡᠷᠭᠢᠯᠡᠬᠦ ᠪᠠᠷ ᠪᠣᠶ᠃ᠨᠢᠭᠡ᠂ ᠰᠣᠷᠣᠭᠴᠢ ᠡᠯᠰᠡᠬᠦ ᠡᠲᠡᠭᠡᠳ     ⒈ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ     ⒉ᠲᠠᠷᠢᠶᠠᠯᠠᠬᠤ ᠮᠠᠯᠵᠢᠬᠤ ᠣᠷᠣᠨ ᠤ ᠬᠤᠲᠠ ᠤᠷᠤᠭᠰᠠᠨ ᠬᠥᠳᠡᠯᠮᠦᠷᠢᠴᠢᠳ᡾     ⒊ ᠶᠠᠳᠠᠭᠤ  ᠎ ᠠᠴᠠ ᠠᠩᠭᠢᠵᠢᠷᠠᠭᠤᠯᠤᠭᠰᠠᠨ ᠬᠥᠮᠥᠰ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠠᠩᠭᠠᠭᠰᠠᠨ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠬᠥᠮᠥᠰ︶     ⒋ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠰ ︵ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠥᠰ᠂ ᠣᠨᠴᠠ ᠬᠦᠴᠢᠷᠳᠡᠯᠲᠡᠢ ᠬᠥᠮᠥᠰ᠂ ᠠᠮᠠᠷᠬᠠᠨ‌‍ᠲ᠋ᠠᠬᠢᠨ ᠶᠠᠳᠠᠭᠤᠷᠠᠬᠤ ᠬᠥᠮᠥᠰ᠂ ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯᠲᠡᠢ ᠬᠥᠮᠥᠰ︶     ⒌ᠳᠡᠭᠡᠳᠦ ᠰᠤᠷᠭᠠᠭᠤᠯᠢ ᠲᠡᠭᠦᠰᠦᠭᠰᠡᠳ     ⒍ᠬᠤᠳᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠤ ᠰᠠᠭᠤᠭᠰᠠᠨ ᠦᠭᠡᠢ ᠲᠤᠰ ᠬᠤᠭᠤᠴᠠᠭᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ     ⒎ᠴᠡᠷᠢᠭ ᠠᠴᠠ ᠬᠠᠯᠠᠭᠳᠠᠭᠰᠠᠳ     ᠬᠤᠶᠠᠷ᠂ ᠨᠠᠰᠤᠨ ᠤ ᠬᠡᠪᠴᠢᠶ᠎ᠡ     ᠡᠮᠡᠭᠲᠡᠢ ᠬᠥᠮᠥᠨ ᠪᠦᠬᠦᠯᠢ 16 ᠨᠠᠰᠤ ︱ ᠪᠦᠬᠦᠯᠢ 50 ᠨᠠᠰᠤ᠂ ᠡᠷᠡᠭᠲᠡᠢ ᠪᠦᠬᠦᠯᠢ 16 ᠨᠠᠰᠤ ︱ ᠪᠦᠬᠦᠯᠢ 60 ᠨᠠᠰᠤ     ᠭᠤᠷᠪᠠ᠂ ᠬᠢᠴᠢᠶᠡᠯᠯᠡᠬᠦ ᠠᠷᠭ᠎ᠠ ᠮᠠᠶ᠋ᠢᠭ ᠵᠢᠴᠢ ᠴᠠᠭ ᠬᠤᠭᠤᠴᠠᠭ᠎ᠠ     ᠤᠨᠤᠯ ᠪᠠ ᠪᠣᠳᠠᠲᠤ ᠪᠣᠯᠪᠠᠰᠤᠷᠠᠯ ᠢ ᠤᠶᠠᠯᠳᠤᠭᠤᠯᠬᠤ᠂7 ᠡᠳᠦᠷ ᠤᠨ ᠬᠤᠭᠤᠴᠠᠭ᠎ᠠ ᠲᠠᠢ ᠭᠤᠷᠪᠠ᠂ ᠨᠡᠷ᠎ᠡ ᠮᠡᠳᠡᠭᠦᠯᠬᠦ ᠴᠠᠭ᠄ 3 ᠰᠠᠷ᠎ᠠ ᠶᠢᠨ 21᠎ ᠤ ᠡᠳᠦᠷ ᠪᠣᠯᠲᠠᠯ᠎ᠠ     ᠳᠥᠷᠪᠡ᠂ ᠬᠠᠷᠢᠯᠴᠠᠬᠤ ᠤᠲᠠᠰᠤ᠄ 13474744182 ︵ᠸᠢᠴᠠᠲ︶  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号