ᠤᠷᠳᠤ ᠶᠢᠨ ᠳᠠᠭᠤᠤ ᠪᠠᠨ ᠤᠯᠠᠨ ᠤᠯᠤᠰ ᠲᠤ ᠳᠠᠭᠤᠷᠢᠰᠦᠭᠤᠯᠤᠭᠰᠠᠨ ᠳᠠᠭᠤᠴᠢᠨ ᠬᠦᠦᠳᠡᠭᠦᠲᠦ
ᠨᠡᠶᠢᠲᠡᠯᠡᠭᠰᠡᠨ ᠴᠠᠭ᠄
2024/3/18

   

        ᠬᠦᠬᠡ ᠯᠤᠤ ᠵᠢᠯ ᠤᠨ ᠴᠠᠭᠠᠨ ᠰᠠᠷ᠎ᠠ ᠶᠢᠨ ᠬᠤᠷᠢᠳ ᠢᠶᠠᠷ ᠤᠯᠤᠰ ᠤᠨ ᠬᠤᠶᠠᠳᠤᠭᠠᠷ ᠳᠡᠰ ᠤᠨ

ᠳᠤᠭᠯᠠᠭᠴᠢ᠂ ᠤᠷᠤᠨ ᠤ ᠳᠡᠰ ᠤᠨ ᠮᠤᠩᠭᠤᠯ ᠤᠷᠳᠤ ᠶᠢᠨ ᠳᠠᠭᠤᠤ ᠶᠢᠨ ᠪᠤᠳᠠᠰ ᠤᠨ ᠪᠤᠰᠤ ᠰᠤᠶᠤᠯ ᠤᠨ ᠦᠪᠯᠡᠨ

ᠤᠯᠠᠮᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠦ᠋ᠴᠢᠷ ᠤᠨ ᠤᠤᠯ ᠤᠨ ᠠᠬᠠᠮᠠᠳ ᠳᠠᠭᠤᠴᠢᠨ

ᠬᠦᠦᠳᠡᠬᠦᠲᠦ ᠶᠢ ᠰᠤᠷᠪᠤᠯᠵᠢᠯᠠᠭᠰᠠᠨ ᠶᠤᠮ᠃ ᠳᠠᠭᠤᠴᠢᠨ ᠬᠦᠦᠳᠡᠭᠦᠦᠲᠦ 1962 ᠤᠨ ᠤ ᠳᠡᠯᠭᠡᠷ ᠵᠤᠨ

ᠦᠵᠦᠮᠦᠴᠢᠨ ᠳᠠᠪᠤᠨ ᠬᠠᠨ ᠠᠭᠤᠯᠠ ᠶᠢᠨ ᠨᠢᠭᠡᠨ ᠪᠤᠯᠬᠤ ᠱᠠᠪᠠᠷᠭᠠᠨ ᠬᠠᠨ ᠠᠭᠤᠯᠠ ᠶᠢᠨ ᠪᠠᠷᠠᠭᠤᠨ ᠬᠤᠶᠢᠨ᠎ᠠ ᠠᠷᠤ

ᠬᠤᠩᠬᠤᠷ ᠭᠡᠳᠡᠭ ᠰᠠᠶᠢᠬᠠᠨ ᠨᠤᠲᠤᠭ ᠲᠤ ᠡᠴᠢᠭᠡ ᠬᠠᠶᠠᠩᠬᠠᠷᠸ᠎ᠠ᠂ ᠡᠬᠡ ᠪᠤᠷᠤᠬᠦᠦ ᠶᠢᠨ ᠢᠶᠠᠨ ᠬᠤᠶᠠᠳᠤᠭᠠᠷ ᠥᠬᠢᠨ

 ᠨᠢ ᠪᠤᠯᠤᠨ ᠵᠠᠶᠠᠭᠠᠵᠠᠢ᠃ ᠦᠩ ᠦᠷᠭᠡᠨ ᠦᠵᠦᠮᠦᠴᠢᠨ ᠨᠤᠲᠤᠭ ᠤᠨ ᠢᠶᠠᠨ ᠳᠤᠷᠭᠠᠨ ᠬᠦᠷᠦᠰᠦᠨ ᠳᠡᠭᠡᠷ᠎ᠡ ᠳᠠᠪᠤᠨ

ᠦᠶ᠎ᠡ ᠶᠢᠨ ᠳᠠᠭᠤᠴᠢ ᠤᠳᠤᠮ ᠵᠠᠯᠭᠠᠭᠰᠠᠨ ᠡᠨᠡ ᠠᠶᠢᠯ ᠳᠤ ᠲᠦᠷᠦᠵᠦ ᠦᠰᠦᠭᠰᠡᠨ ᠲᠡᠷᠡᠪᠡᠷ ᠤᠷᠳᠤ ᠶᠢᠨ

ᠳᠠᠭᠤᠤ ᠶᠢᠨ ᠤᠶᠠᠩᠭ᠎ᠠ ᠰᠢᠷᠤᠩᠬᠠᠢ ᠳᠤ ᠪᠦᠪᠡᠶᠢᠯᠡᠭᠳᠡᠵᠦ᠂ ᠳᠠᠭᠤᠤ ᠬᠤᠭᠤᠷ ᠤᠨ ᠰᠢᠮ᠎ᠡ ᠶᠢ ᠬᠦᠷᠳᠡᠨ ᠤᠬᠠᠭᠠᠵᠢᠨ

ᠪᠣᠶᠢᠵᠢᠭᠰᠠᠨ ᠢᠶᠠᠷ ᠳᠠᠭᠤᠴᠢᠨ ᠪᠤᠯᠬᠤ ᠶᠢᠨ ᠠᠩᠬᠠᠨ ᠤ ᠳᠠᠪᠢᠯᠠᠩ ᠳᠤ ᠢᠪᠡᠭᠡᠭᠳᠡᠭᠰᠡᠨ ᠪᠠᠶᠢᠨ᠎ᠠ᠃ ᠳᠠᠭᠤᠨ ᠳᠤ  

ᠠᠪᠢᠶᠠᠰᠯᠢᠭ ᠠᠪᠤ ᠡᠵᠢ ᠶᠢᠨ ᠢᠶᠠᠨ ᠨᠦᠯᠦᠭᠡ ᠪᠠᠷ ᠠᠷᠪᠠᠨ ᠲᠠᠪᠤ ᠵᠢᠷᠭᠤᠭᠠᠨ ᠨᠠᠰᠤᠨ ᠠᠴᠠ ᠪᠠᠨ ᠡᠬᠢᠯᠡᠨ

ᠦᠵᠦᠮᠦᠴᠢᠨ ᠨᠤᠲᠤᠭ ᠤᠨ ᠤᠷᠳᠤ ᠶᠢᠨ ᠳᠠᠭᠤᠤ ᠶᠢ ᠰᠠᠶᠢᠬᠠᠨ ᠳᠠᠭᠤᠯᠠᠵᠤ᠂ ᠨᠤᠲᠤᠭ ᠤᠰᠤᠨ ᠤ ᠠᠶᠢᠯ ᠠᠶᠢᠮᠠᠭ

 ᠤᠨ ᠢᠶᠠᠨ ᠨᠠᠰᠤᠨ ᠪᠠᠶᠠᠷ᠂ ᠵᠢᠯ ᠤᠰᠤᠨ ᠤ ᠨᠠᠶᠢᠷ᠂ ᠠᠬ᠎ᠠ ᠡᠭᠡᠴᠢ ᠨᠠᠷ ᠤᠨ ᠢᠶᠠᠨ ᠤᠷᠤᠭ ᠬᠤᠷᠢᠮ ᠳᠡᠭᠡᠷ᠎ᠡ

ᠤᠷᠳᠤ ᠶᠢᠨ ᠳᠠᠭᠤᠤ ᠪᠠᠨ ᠳᠠᠭᠤᠯᠠᠵᠤ ᠨᠠᠰᠤᠳᠠᠨ ᠪᠤᠭᠤᠷᠤᠯᠴᠤᠳ ᠤᠨ ᠪᠠᠭ᠋ᠠᠷᠬᠠᠯ ᠢ ᠤᠯᠵᠤ ᠪᠠᠶᠢᠵᠠᠢ᠃

        ᠳᠠᠭᠤᠴᠢᠨ ᠬᠦᠦᠳᠡᠭᠦᠦᠲᠦ ᠤᠯᠠᠭᠠᠨᠮᠦ᠋ᠴᠢᠷ ᠲᠤ ᠡᠯᠰᠡᠭᠳᠡᠭᠰᠡᠨ ᠤ ᠳᠠᠷᠠᠭ᠎ᠠ ᠤᠷᠠᠯᠢᠭ ᠤᠨ ᠪᠠᠭᠰᠢ ᠨᠠᠷ

 ᠤᠨ ᠵᠢᠭᠠᠨ ᠰᠤᠷᠭᠠᠯᠳᠠ ᠳᠤᠤᠷ᠎ᠠ ᠳᠠᠭᠤᠤ ᠤᠷᠠᠯᠢᠭ ᠤᠨ ᠦᠨᠳᠦᠰᠦᠨ ᠮᠡᠳᠡᠯᠭᠡ ᠶᠢ ᠰᠡᠳᠬᠢᠯ ᠳᠠᠯᠪᠢᠨ ᠰᠢᠮᠳᠠᠨ

ᠰᠤᠷᠤᠯᠴᠠᠵᠤ᠂ ᠮᠦᠨᠴᠦ ᠤᠷᠳᠤ ᠶᠢᠨ ᠳᠠᠭᠤ ᠶᠢ ᠳᠠᠭᠤᠯᠠᠬᠤ ᠠᠷᠭ᠎ᠠ ᠮᠠᠶ᠋ᠢᠭ ᠤᠨ ᠲᠠᠯ᠎ᠠ ᠪᠠᠷ ᠰᠠᠶᠢᠲᠤᠷ

ᠡᠵᠡᠮᠰᠢᠬᠦ ᠶᠢᠨ ᠳᠠᠭᠠᠤ ᠬᠤᠪᠢᠰ ᠬᠦᠭᠵᠢᠮ ᠢ ᠭᠤᠤᠯᠳᠠᠯᠭ᠎ᠠ ᠲᠠᠢ ᠰᠤᠷᠴᠤ᠂ ᠪᠠᠭᠰᠢ ᠨᠠᠷ ᠪᠤᠯᠤᠨ ᠬᠠᠮᠲᠤ

ᠳᠤᠭᠯᠠᠭᠴᠢᠳ ᠤᠨ ᠢᠶᠠᠨ ᠬᠠᠪᠰᠤᠷᠤᠯᠭ᠎ᠠ ᠪᠠ ᠰᠢᠷᠭᠠᠭᠤ ᠴᠢᠷᠮᠠᠶᠢᠯᠭ᠎ᠠ ᠪᠠᠷ ᠢᠶᠠᠨ ︽ᠨᠢᠭᠡ ᠳᠤ ᠮᠡᠷᠭᠡᠰᠢᠵᠦ᠂ ᠤᠯᠠᠨ

 ᠳᠤ ᠴᠠᠭᠠᠷᠠᠭᠰᠠᠨ︾ ᠤᠯᠠᠭᠠᠨᠮᠦ᠋ᠴᠢᠷ ᠤᠨ ᠬᠦᠩᠬᠡᠨ ᠮᠤᠷᠢᠲᠦ ᠴᠡᠷᠢᠭ ᠤᠨ ᠨᠢᠭᠡᠨ ᠪᠠᠶᠢᠯᠳᠤᠭᠴᠢ ᠪᠣᠯᠣᠨ

ᠬᠦᠮᠦᠵᠢᠭᠳᠡᠵᠠᠢ᠃ ᠤᠯᠠᠭᠠᠨᠮᠦᠴᠢᠷ ᠲᠤ ᠠᠵᠢᠯᠯᠠᠭᠰᠠᠨ 20 ᠭᠠᠷᠦᠢ ᠵᠢᠯ ᠤᠨ ᠳᠤᠷᠰᠢ ᠲᠡᠷᠡ ᠮᠤᠩᠭᠤᠯ ᠤᠷᠳᠤ ᠶᠢᠨ

ᠳᠠᠭᠤᠤ ᠪᠠᠨ ᠳᠠᠭᠤᠯᠠᠵᠤ᠂ ᠬᠦᠮᠦᠨ ᠵᠤᠨ ᠤ ᠪᠠᠨ ᠰᠣᠨᠤᠷ ᠢ ᠮᠢᠯᠢᠶᠡᠨ ᠰᠡᠳᠬᠢᠯ ᠢ ᠪᠠᠶᠠᠰᠬᠠᠵᠤ ᠶᠠᠪᠤᠭᠰᠠᠨ ᠪᠦᠭᠡᠳ

ᠠᠵᠢᠯ ᠤᠨ ᠴᠢᠯᠦᠭᠡ ᠪᠠᠷ ᠢᠶᠠᠨ ᠳᠠᠭᠤᠤ ᠶᠢᠨ ᠰᠢᠯᠦᠭ ᠪᠢᠴᠢᠵᠦ ᠠᠶᠠᠯᠭᠤ ᠵᠣᠬᠢᠶᠠᠨ᠂ ᠤᠳᠤ ᠪᠤᠯᠬᠤ ᠳᠤ ᠨᠢᠭᠡᠨᠳᠡ

50 ᠭᠠᠷᠦᠢ ᠳᠠᠭᠤᠤ ᠵᠤᠬᠢᠶᠠᠭᠰᠠᠨ ᠮᠦᠷᠲᠡᠭᠡᠨ ᠡᠳᠡᠭᠡᠷ ᠳᠠᠭᠤᠤ ᠨᠤᠭᠤᠳ ᠢ ᠨᠢ ᠤᠯᠤᠰ ᠤᠷᠤᠨ ᠠᠶᠢᠮᠠᠭ

ᠬᠤᠰᠢᠭᠤᠨ ᠤ ᠨᠡᠷᠡᠲᠦ ᠳᠠᠭᠤᠴᠢᠳ ᠳᠠᠭᠤᠯᠠᠵᠤ ᠠᠷᠠᠳ ᠣᠯᠠᠨ ᠤ ᠪᠠᠨ ᠰᠣᠨᠣᠷ ᠲᠤ ᠬᠦᠷᠭᠡᠭᠰᠡᠨ ᠪᠠᠶᠢᠨ᠎ᠠ᠃

ᠳᠡᠬᠦᠨ ᠤ ᠵᠤᠬᠢᠶᠠᠭᠰᠠᠨ ︽ᠳᠠᠪᠤᠨ ᠬᠠᠨ ᠠᠭᠤᠯᠠᠰ ᠮᠢᠨᠢ︾ ᠭᠡᠬᠦ ᠵᠤᠬᠢᠶᠠᠯ ᠤᠨ ᠳᠠᠭᠤᠤ ᠶᠢ ᠨᠢ ᠮᠤᠩᠭᠤᠯ ᠤᠯᠤᠰ

 ᠤᠨ ᠰᠤᠶᠤᠯ ᠤᠨ ᠲᠡᠷᠢᠬᠦᠨ ᠤ ᠠᠵᠢᠯᠳᠠᠨ ᠳᠠᠭᠤᠴᠢᠨ ᠴᠢᠯᠠᠭᠤᠨᠴᠢᠮᠡᠭ ᠠᠮᠢᠯᠠᠭᠤᠯᠤᠨ ᠳᠠᠭᠤᠯᠠᠵᠤ

ᠰᠤᠨᠤᠰᠤᠭᠴᠢᠳ ᠤᠨ ᠳᠠᠭᠠᠰᠢᠶᠠᠯ ᠬᠦᠷᠢᠶᠡᠯᠡᠯ ᠢ ᠤᠯᠤᠭᠰᠠᠨ ᠶᠤᠮ᠃ ᠬᠦᠦᠳᠡᠭᠦᠦᠲᠦ 2001 ᠤᠨ ᠳᠤ ᠠᠵᠢᠯ

 ᠤᠨ ᠴᠢᠬᠤᠯᠠᠴᠢᠯᠠᠭ᠎ᠠ ᠪᠠᠷ ᠬᠤᠰᠢᠭᠤ ᠰᠤᠶᠤᠯ ᠤᠨ ᠤᠷᠳᠤᠨ ᠳᠤ ᠠᠵᠢᠯ ᠰᠢᠯᠵᠢᠪᠠ᠃ ᠡᠨᠡᠬᠦ ᠬᠤᠭᠤᠴᠠᠭᠠᠨ ᠳᠤ

ᠠᠯᠪᠠᠨ ᠤ ᠠᠵᠢᠯ ᠶᠠᠪᠤᠳᠠᠯ ᠤᠨ ᠢᠶᠠᠨ ᠴᠢᠯᠦᠭᠡ ᠵᠠᠪ ᠢᠶᠠᠷ ᠰᠤᠶᠤᠯ ᠤᠷᠠᠯᠢᠭ ᠤᠨ ᠠᠵᠢᠯᠯᠠᠭᠠᠨ ᠳᠤ ᠢᠳᠡᠪᠬᠢᠳᠡᠢ

ᠤᠷᠤᠯᠴᠠᠨ᠂ ᠬᠤᠰᠢᠭᠤ ᠠᠶᠢᠮᠠᠭ ᠤᠨ ᠪᠦᠯᠬᠦᠮ ᠨᠢᠭᠡᠴᠡ ᠶᠢ ᠳᠠᠭᠠᠵᠤ ᠪᠦᠬᠦ ᠤᠯᠤᠰ ᠤᠨ ᠬᠡᠪᠴᠢᠶᠡᠨ ᠤ

ᠳᠤᠭᠯᠠᠯᠳᠠ ᠪᠠ ᠳᠠᠭᠤᠤ ᠶᠢᠨ ᠤᠷᠤᠯᠳᠤᠭᠠᠨ ᠳᠤ ᠤᠷᠤᠯᠴᠠᠵᠤ᠂ ᠠᠮᠵᠢᠯᠳᠠ ᠪᠦᠲᠦᠮᠵᠢᠲᠡᠢ ᠶᠠᠪᠤᠵᠠᠢ᠃ 2002

ᠤᠨ ᠳᠤ ᠵᠧᠵᠢᠶᠠᠩ ᠮᠤᠵᠢ ᠶᠢᠨ ᠬᠠᠩᠵᠸᠦ ᠬᠤᠳᠠ ᠳᠤ ᠶᠠᠪᠤᠭᠳᠠᠭᠰᠠᠨ ᠪᠦᠬᠦ ᠤᠯᠤᠰ ᠤᠨ ᠠᠷᠠᠳ ᠤᠨ ᠳᠠᠭᠤᠤ

 ᠶᠢᠨ ᠤᠷᠤᠯᠳᠤᠭᠠᠨ ᠳᠤ ︽ᠰᠠᠷᠠᠭᠤᠯ ᠲᠠᠯ᠎ᠠ︾ ᠭᠡᠬᠦ ᠮᠤᠩᠭᠤᠯ ᠠᠷᠠᠳ ᠤᠨ ᠤᠷᠳᠤ ᠶᠢᠨ ᠳᠠᠭᠤᠤ ᠪᠠᠨ ᠳᠠᠭᠤᠯᠠᠨ

︽ᠰᠢᠯᠢᠳᠡᠭ︾ ᠱᠠᠩᠨᠠᠯ ᠳᠤᠰᠴᠦ᠂ 2004 ᠤᠨ ᠳᠤ ᠱᠠᠨᠰᠢ ᠮᠤᠵᠢ ᠳᠤ ᠶᠠᠪᠤᠭᠳᠠᠭᠰᠠᠨ ᠪᠦᠬᠦ ᠤᠯᠤᠰ ᠤᠨ

ᠬᠤᠶᠠᠳᠤᠭᠠᠷ ᠤᠳᠠᠭᠠᠨ ᠤ ᠠᠷᠠᠳ ᠤᠨ ᠳᠠᠭᠤᠤ ᠶᠢᠨ ᠤᠷᠤᠯᠳᠤᠭᠠᠨ ᠳᠤ ︽ᠳᠠᠭᠤᠤ ᠶᠢᠨ ᠸᠠᠩ︾ ᠴᠤᠯᠠ

ᠬᠦᠷᠳᠡᠵᠦ᠂ 2008 ᠤᠨ ᠳᠤ ᠪᠡᠭᠡᠵᠢᠩ ᠳᠤ  ᠶᠠᠪᠤᠭᠳᠠᠭᠰᠠᠨ ︽ᠳᠠᠭᠤᠤ ᠬᠦᠭᠵᠢᠮ ᠤᠨ ᠳᠠᠩᠬᠢᠮ︾ ᠤᠨ

ᠲᠣᠭᠯᠠᠯᠲᠠ ᠳᠤ ᠶᠢᠨ ᠱᠤ᠋ ᠮᠸᠢ᠂ ᠴᠧᠩ ᡁᠢ ᠵᠡᠷᠭᠡ ᠨᠡᠷᠡᠲᠦ ᠳᠤᠭᠯᠠᠭᠴᠢᠳ ᠲᠠᠢ ᠬᠠᠮᠲᠤ ᠤᠷᠤᠯᠴᠠᠵᠤ᠂ ︽

ᠮᠠᠭᠳᠠᠭᠠᠯ︾ ᠳᠠᠭᠤᠤ ᠪᠠᠨ ᠳᠠᠭᠤᠯᠠᠨ ᠨᠡᠶᠢᠰᠯᠡᠯ ᠤᠨ ᠦᠵᠡᠭᠴᠢᠳ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ

ᠪᠠᠶᠢᠨ᠎ᠠ᠃

         ᠬᠦᠦᠳᠡᠭᠦᠦᠲᠦ ᠪᠠᠭᠰᠢ 1996 ᠤᠨ ᠠᠴᠠ 2016 ᠤᠨ ᠪᠤᠯᠳᠠᠯ᠎ᠠ ᠤᠯᠤᠰ ᠤᠨ ᠤᠳᠬ᠎ᠠ ᠤᠷᠠᠯᠢᠭ

 ᠤᠨ ᠬᠤᠯᠪᠤᠭ᠎ᠠ ᠪᠤᠯᠤᠨ ᠤᠯᠤᠰ ᠤᠨ ᠰᠤᠶᠤᠯ ᠤᠨ ᠶᠠᠮᠤᠨ ᠠᠴᠠ ᠵᠤᠬᠢᠶᠠᠨ ᠪᠠᠶᠢᠭᠤᠯᠤᠭᠰᠠᠨ ᠰᠤᠶᠤᠯ ᠤᠷᠠᠯᠢᠭ ᠤᠨ

ᠰᠤᠯᠢᠯᠴᠠᠭᠠᠨ ᠤ ᠪᠦᠯᠬᠦᠮ ᠤᠨ ᠠᠩᠭᠢ ᠨᠢᠭᠡᠴᠡ ᠶᠢ ᠲᠠᠭᠠᠨ᠂ ᠮᠤᠩᠭᠤᠯ ᠤᠯᠤᠰ᠂ ᠠᠹᠷᠢᠺᠡ ᠲᠢᠪ ᠤᠨ ᠮᠤᠤ ᠯᠢ

ᠴᠦ᠋ ᠽᠢ᠂ ᠡᠨᠡᠳᠭᠡᠭ᠂ ᠺᠦᠷᠢᠶᠠ ᠵᠡᠷᠭᠡ ᠤᠯᠤᠰ ᠤᠷᠤᠨ ᠢᠶᠠᠷ ᠬᠦᠷᠴᠦ ᠳᠤᠭᠤᠷᠢᠨ ᠳᠤᠭᠯᠠᠯᠳᠠ ᠳᠤ ᠤᠷᠤᠯᠴᠠᠵᠤ᠂

ᠡᠳᠡᠭᠡᠷ ᠤᠯᠤᠰ ᠤᠷᠤᠨ ᠤ ᠦᠵᠡᠭᠴᠢᠳ ᠲᠦᠮᠡᠨ ᠳᠤ ᠮᠤᠩᠭᠤᠯ ᠤᠷᠳᠤ ᠶᠢᠨ ᠳᠠᠭᠤᠤ ᠪᠠᠨ ᠰᠣᠨᠣᠷᠲᠠᠭᠤᠯᠤᠨ᠂

ᠤᠷᠭᠤᠭ᠎ᠠ ᠳᠤᠩᠭᠠᠯᠠᠭ ᠬᠤᠭᠤᠯᠠᠢ᠂ ᠤᠶᠠᠩᠭ᠎ᠠ ᠡᠭᠡᠰᠢᠭᠲᠦ ᠰᠢᠷᠤᠩᠬᠠᠢ ᠪᠠᠷ ᠢᠶᠠᠨ ᠮᠤᠩᠭᠤᠯ ᠤᠷᠳᠤ ᠶᠢᠨ ᠳᠠᠭᠤᠨ

 ᠤ ᠭᠠᠶᠢᠬᠠᠮᠰᠢᠭ ᠢ ᠤᠯᠠᠨ ᠤᠯᠤᠰ ᠲᠤ ᠳᠠᠭᠤᠷᠢᠰᠤᠭᠤᠯᠤᠭᠰᠠᠨ ᠶᠤᠮ᠃

       2013 ᠤᠨ ᠳᠤ ᠬᠤᠰᠢᠭᠤ ᠤᠳᠬ᠎ᠠ ᠤᠷᠠᠯᠢᠭ ᠤᠨ ᠬᠤᠯᠪᠤᠭ᠎ᠠ ᠠᠴᠠ ᠬᠤᠰᠢᠭᠤ ᠠᠷᠠᠳ ᠤᠨ ᠳᠠᠭᠤᠨ

 ᠤ ᠨᠡᠶᠢᠭᠡᠮᠯᠢᠭ ᠤᠨ ᠡᠷᠬᠢᠯᠡᠭᠴᠢ ᠶᠢᠨ ᠠᠵᠢᠯ ᠢ ᠬᠠᠷᠢᠭᠤᠴᠠᠭᠤᠯᠤᠭᠰᠠᠨ ᠳᠤ ᠲᠡᠷᠡ ᠤᠷᠳᠤ ᠶᠢᠨ ᠳᠠᠭᠤᠤ ᠶᠢᠨ

ᠦᠪᠯᠡᠨ ᠤᠯᠠᠮᠵᠢᠯᠠᠭᠴᠢ ᠪᠤᠯᠤᠭᠰᠠᠨ ᠤ ᠬᠤᠪᠢ ᠳᠤ ᠵᠤᠬᠢᠶᠠᠨ ᠪᠠᠶᠢᠭᠤᠯᠤᠯᠳᠠ ᠶᠢᠨ ᠨᠠᠶᠢᠳᠠᠯᠭ᠎ᠠ ᠶᠢ ᠬᠦᠰᠡᠷᠳᠡᠬᠦᠯᠬᠦ

ᠦᠬᠡᠢ ᠪᠠᠷ ᠴᠢᠷᠮᠠᠶᠢᠨ᠂ ᠳᠤᠰ ᠠᠵᠢᠯ ᠢ ᠳᠤᠷᠠᠳᠠᠶᠢᠶ᠎ᠠ ᠬᠦᠯᠢᠶᠡᠨ ᠠᠪᠴᠠᠢ᠃ 2020 ᠤᠨ ᠳᠤ ᠪᠠᠷᠠᠭᠤᠨ

ᠦᠵᠦᠮᠦᠴᠢᠨ ᠬᠤᠰᠢᠭᠤᠨ ᠤ ᠤᠷᠳᠤ ᠶᠢᠨ ᠳᠠᠭᠤᠴᠢᠳ ᠢᠶᠠᠷ ᠭᠤᠣᠯᠯᠠᠭᠰᠠᠨ 60 ᠭᠠᠷᠤᠢ ᠳᠠᠭᠤᠴᠢᠳ ᠢᠶᠠᠷ

ᠪᠦᠷᠢᠯᠳᠦᠭᠰᠡᠨ ︽ᠦᠪ ᠡᠷᠳᠡᠨᠢ︾ ᠬᠡᠬᠦ ᠤᠷᠳᠤ ᠶᠢᠨ ᠳᠠᠭᠤᠤ ᠶᠢ ᠵᠢᠭᠠᠬᠤ ᠬᠤᠯᠪᠤᠭ᠎ᠠ ᠶᠢ ᠪᠠᠶᠢᠭᠤᠯᠵᠤ᠂

ᠳᠠᠭᠤᠴᠢᠳ ᠤᠨ ᠪᠤᠳᠠᠳᠠᠢ ᠪᠠᠶᠢᠳᠠᠯ ᠢ ᠦᠨᠳᠦᠰᠦᠯᠡᠨ᠂ ᠤᠷᠳᠤ ᠶᠢᠨ ᠳᠠᠭᠤᠤ ᠶᠢ ᠳᠠᠭᠤᠯᠠᠬᠤ ᠠᠷᠭ᠎ᠠ ᠪᠠᠷᠢᠯ᠂

ᠦᠨᠳᠦᠰᠦᠨ ᠰᠠᠭᠤᠷᠢ ᠮᠡᠳᠡᠯᠭᠡ ᠶᠢ ᠸᠢᠴᠠᠲ ᠬᠤᠯᠪᠣᠭ᠎ᠠ ᠪᠠᠷ ᠳᠠᠮᠵᠢᠭᠤᠯᠤᠨ ᠰᠢᠰᠲ᠋ᠧᠮ ᠲᠠᠢ ᠵᠢᠭᠠᠭᠰᠠᠨ ᠪᠠᠶᠢᠨ᠎ᠠ᠃

      ᠲᠡᠷᠡ 1970 ᠤᠨ ᠤ ᠦᠶ᠎ᠡ ᠪᠠᠷ ᠵᠡᠬᠦᠨ ᠦᠵᠦᠮᠦᠴᠢᠨ ᠬᠤᠰᠢᠭᠤᠨ ᠤ ᠰᠠᠩᠵᠠᠢ ᠪᠠᠭᠰᠢ᠂ ᠫᠡ᠊᠂ ᠳᠤᠭᠠᠷ

ᠪᠠᠭᠰᠢ ᠶᠢᠨ ᠡᠮᠬᠢᠳᠭᠡᠨ ᠨᠠᠶᠢᠷᠠᠭᠤᠯᠤᠭᠰᠠᠨ ︽ᠦᠵᠦᠮᠦᠴᠢᠨ ᠠᠷᠠᠳ ᠤᠨ ᠳᠠᠭᠤᠤ︾ ᠬᠡᠬᠦ ᠳᠠᠭᠤᠤ ᠶᠢᠨ ᠨᠤᠮ

ᠳᠡᠪᠳᠡᠷ ᠲᠤ ᠳᠡᠮᠳᠡᠭᠯᠡᠭᠳᠡᠭᠰᠡᠨ ᠶᠡᠷᠦ ᠳᠠᠭᠤᠯᠠᠭᠳᠠᠭ᠎ᠠ ᠦᠬᠡᠢ ᠬᠠᠭᠤᠴᠢᠨ ᠤᠷᠳᠤ ᠶᠢᠨ ᠳᠠᠭᠤᠤ ᠶᠢᠨ ᠨᠤᠲ ᠶᠢ ᠨᠢ

ᠥᠪᠡᠷ ᠢᠶᠠᠨ ᠰᠤᠷᠴᠤ᠂ ᠳᠠᠬᠢᠨ ᠳᠠᠪᠳᠠᠨ ᠰᠢᠩᠭᠡᠭᠡᠯᠳᠡ ᠬᠢᠵᠦ᠂ ᠳᠠᠭᠤᠤ ᠨᠤᠭᠤᠳ ᠤᠨ ᠤᠨᠴᠠᠯᠢᠭ ᠢ ᠰᠠᠶᠢᠳᠤᠷ

ᠡᠵᠡᠮᠰᠢᠭᠰᠡᠨ ᠰᠠᠭᠤᠷᠢᠨ ᠳᠡᠭᠡᠷ᠎ᠡ ︽ᠦᠪ ᠡᠷᠳᠡᠨᠢ︾ ᠬᠤᠯᠪᠤᠭ᠎ᠠ ᠶᠢᠨ ᠢᠶᠠᠨ ᠳᠠᠭᠤᠴᠢᠳ ᠲᠠᠭᠠᠨ ᠵᠢᠭᠠᠨ

ᠰᠤᠷᠭᠠᠳᠠᠭ ᠪᠠᠶᠢᠨ᠎ᠠ᠃ ᠤᠷᠴᠢᠮ ᠤᠨ 4 ᠵᠢᠯ ᠳᠣᠳᠤᠷ᠎ᠠ ︽ᠦᠪ ᠡᠷᠳᠡᠨᠢ︾ ᠳᠠᠭᠤᠴᠢᠳ ᠤᠨ ᠬᠤᠯᠪᠤᠭᠠᠨ ᠤ

ᠠᠷᠠᠳ ᠤᠨ ᠳᠠᠭᠤᠴᠢᠨ ᠳᠡᠬᠦᠰᠮᠡᠨᠳᠦ᠂ ᠤᠳᠬᠠᠨᠴᠢᠮᠡᠭ᠂ ᠬᠠᠰᠴᠡᠴᠡᠭ᠂ ᠰᠤᠪᠤᠳ ᠵᠡᠷᠭᠡ ᠳᠠᠭᠤᠴᠢᠳ ᠨᠢ ᠠᠶᠢᠮᠠᠭ

ᠬᠤᠰᠢᠭᠤᠨ ᠠᠴᠠ ᠡᠷᠬᠢᠯᠡᠨ ᠶᠠᠪᠤᠭᠳᠠᠭᠤᠯᠤᠭᠰᠠᠨ ᠤᠷᠳᠤ ᠶᠢᠨ ᠳᠠᠭᠤᠤ ᠶᠢᠨ ᠤᠷᠤᠯᠳᠤᠭᠠᠨ ᠪᠠ ᠬᠤᠯᠪᠤᠭ᠎ᠠ ᠵᠢᠷᠬᠢᠬᠡ

ᠲᠠᠪᠴᠠᠩ ᠤᠨ ᠳᠠᠭᠤᠤ ᠶᠢᠨ ᠤᠷᠤᠯᠳᠤᠭᠠᠨ ᠳᠤ ᠤᠯᠠᠨ ᠤᠳᠠᠭ᠎ᠠ ᠣᠷᠣᠯᠴᠠᠵᠤ ᠳᠡᠷᠢᠬᠦᠨ ᠳᠡᠳ᠋ ᠰᠢᠯᠢᠳᠡᠭ ᠨᠡᠷᠡᠰ

 ᠲᠤ ᠳᠤᠳᠤᠷᠠᠵᠤ᠂ ᠡᠳᠡᠭᠡᠷ ᠶᠡᠷᠦ ᠳᠠᠭᠤᠯᠠᠭᠳᠠᠭ᠎ᠠ ᠦᠬᠡᠢ ᠬᠠᠭᠤᠴᠢᠨ ᠤᠷᠳᠤ ᠶᠢᠨ ᠳᠠᠭᠤᠤ ᠪᠠᠨ ᠰᠡᠷᠬᠦᠬᠡᠨ

ᠳᠠᠭᠤᠯᠠᠭᠠᠳ ᠰᠤᠨᠤᠰᠤᠭᠴᠢᠳ ᠲᠦᠮᠡᠨ ᠤ ᠠᠩᠬᠠᠷᠤᠯ ᠢ ᠶᠡᠬᠡᠳᠡ ᠳᠠᠳᠠᠭᠰᠠᠨ ᠮᠦᠷᠲᠡᠭᠡᠨ ᠤᠷᠳᠤ ᠶᠢᠨ ᠳᠠᠭᠤᠤ ᠶᠢ

ᠰᠤᠷᠠᠵᠤ ᠰᠤᠳᠤᠯᠵᠤ ᠪᠠᠶᠢᠭ᠎ᠠ ᠳᠠᠭᠤᠤ ᠤᠷᠠᠯᠢᠭ ᠤᠨ ᠡᠷᠳᠡᠮᠳᠡᠨ ᠪᠠᠭᠰᠢ ᠶᠢᠨ ᠦᠨᠳᠦᠷ ᠦᠨᠡᠯᠡᠯᠳᠡ ᠶᠢ ᠤᠯᠤᠭᠰᠠᠨ

ᠪᠠᠶᠢᠨ᠎ᠠ᠃ ᠬᠦᠦᠳᠡᠭᠦᠦᠲᠦ ᠪᠠᠭᠰᠢ ᠤᠷᠳᠤ ᠬᠤᠭᠤᠴᠠᠭᠠᠨ ᠤ ᠳᠤᠷᠰᠢ ᠮᠤᠩᠭᠤᠯ ᠤᠷᠳᠤ ᠶᠢᠨ ᠳᠠᠭᠤᠤ ᠪᠠᠨ

ᠳᠠᠭᠤᠯᠠᠵᠤ ᠳᠡᠯᠬᠡᠷᠡᠬᠦᠯᠬᠦ ᠶᠠᠪᠤᠴᠠ ᠳᠤ  ᠤᠷᠲᠤ ᠶᠢᠨ ᠳᠠᠭᠤᠤ ᠶᠢ ᠦᠪᠯᠡᠨ ᠤᠯᠠᠮᠵᠢᠯᠬᠤ ᠪᠠ ᠤᠯᠠᠮ ᠬᠦᠭᠵᠢᠬᠦᠯᠬᠦ

 ᠶᠢᠨ ᠳᠤᠰᠠᠳᠠ 2004 ᠤᠨ ᠳᠤ ︽ᠦᠵᠡᠰᠬᠦᠯᠡᠩᠲᠦ ᠰᠠᠶᠢᠬᠠᠨ ᠦᠵᠦᠮᠦᠴᠢᠨ ᠨᠤᠲᠤᠭ︾ ᠬᠡᠬᠦ ᠤᠷᠳᠤ ᠶᠢᠨ

ᠳᠠᠭᠤᠤ᠂ ᠪᠤᠭᠤᠨᠢ ᠳᠠᠭᠤᠤ ᠶᠢᠨ ᠺᠡᠰᠧᠲ ᠬᠡᠪᠯᠡᠬᠦᠯᠵᠦ᠂ 2005 ᠤᠨ ᠳᠤ 2048 ᠪᠦᠬᠡ ᠲᠠᠢ ᠬᠤᠰᠢᠭᠤ ᠶᠡᠭᠡ

ᠨᠠᠶᠢᠷ ᠲᠤ ᠵᠣᠷᠢᠭᠤᠯᠤᠨ ︽ᠬᠠᠨ ᠠᠭᠤᠯᠠ ᠶᠢᠨ ᠴᠠᠰᠤ︾ ᠭᠡᠮᠡᠬᠦ ᠭᠡᠷᠡᠯ ᠪᠢᠴᠢᠯᠭᠡ ᠪᠤᠯᠤᠨ DVD ᠵᠡᠷᠭᠡ ᠶᠢ

ᠬᠡᠪᠯᠡᠬᠦᠯᠦᠨ ᠲᠠᠷᠬᠠᠭᠠᠵᠠᠢ᠃ ᠤᠯᠤᠰ ᠤᠷᠤᠨ ᠠᠶᠢᠮᠠᠭ  ᠬᠤᠰᠢᠭᠤᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ

 ᠠᠴᠠ ᠬᠦᠦᠳᠡᠭᠦᠦᠲᠦ ᠪᠠᠭᠰᠢ ᠶᠢᠨ ᠤᠷᠠᠯᠢᠭ ᠰᠤᠶᠤᠯ ᠤᠨ ᠦᠢᠯᠡᠰ ᠲᠤ ᠴᠢᠷᠮᠠᠶᠢᠨ ᠵᠢᠳᠬᠦᠭᠰᠡᠨ ᠬᠦᠳᠡᠯᠮᠦᠷᠢ ᠶᠢ ᠨᠢ

ᠦᠨᠡᠯᠡᠵᠦ᠂  30 ᠭᠠᠷᠤᠢ ᠤᠳᠠᠭ᠎ᠠ ᠰᠠᠶᠢᠰᠢᠶᠠᠯ ᠬᠦᠬᠢᠬᠦᠯᠦᠯ ᠢ ᠤᠯᠭᠤᠭᠰᠠᠨ ᠪᠠᠶᠢᠨ᠎ᠠ᠃

 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ‍ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号