| ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠳᠠᠬᠢᠠ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠡᠬᠢ ᠪᠠᠶᠠᠯᠢᠭ ᠡᠯᠪᠡᠭ ᠪᠠᠶᠢᠵᠤ᠂ ᠰᠠᠯᠬᠢᠨ ᠤ ᠡᠨᠧᠷᠭᠢ ᠶᠢᠨ ᠡᠬᠢ ᠪᠠᠶᠠᠯᠢᠭ ᠤᠨ ᠮᠡᠷᠭᠡᠵᠢᠯ ᠤᠨ | ᠨᠡᠭᠡᠭᠡᠨ ᠠᠰᠢᠭᠯᠠᠵᠤ ᠪᠣᠯᠬᠤ ᠬᠡᠮᠵᠢᠶ᠎ᠡ ᠪᠦᠬᠦ ᠤᠯᠤᠰ ᠤᠨ ᠲᠡᠷᠢᠭᠦᠨ ᠳᠤ ᠪᠠᠶᠢᠵᠤ᠂ ᠪᠠᠷᠠᠭᠤᠨ ᠦᠵᠦᠮᠦᠴᠢᠨ | ᠬᠤᠰᠢᠭᠤᠨ ᠨᠢ ᠪᠠᠶᠢᠭᠠᠯᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠠᠷᠢᠭᠤᠨ | ᠴᠡᠪᠡᠷ ᠡᠨᠧᠷᠭᠢ ᠶᠢᠨ ᠭᠠᠷᠭᠠᠯᠲᠠ ᠶᠢᠨ ᠴᠢᠬᠤᠯᠠ ᠰᠠᠭᠤᠷᠢᠨ ᠪᠣᠯᠣᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠮᠠᠨ ᠤ | ᠬᠤᠰᠢᠭᠤ ᠨᠢ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠴᠦ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠰᠠᠭᠠᠷᠮᠠᠭᠵᠢᠬᠤ︾ ᠵᠢᠴᠢ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠣ ᠪᠠᠶᠢᠨ᠎ᠠ᠃ | ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠣᠨ ᠤ ᠬᠠᠷᠢᠶᠠᠨ ᠳᠠᠬᠢ ᠤᠯᠤᠰ ᠤᠨ | ᠴᠠᠬᠢᠯᠭᠠᠨ ᠬᠦᠴᠦᠨ ᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠪᠠᠷᠠᠭᠤᠨ ᠦᠵᠦᠮᠦᠴᠢᠨ ᠬᠤᠰᠢᠭᠤᠨ ᠤ | ᠬᠤᠪᠢᠶᠠᠷᠢ ᠺᠣᠮᠫᠠᠨᠢ ᠶᠢᠨ ᠬᠠᠳᠠᠲᠤ ᠰᠠᠯᠬᠢᠨ ᠬᠦᠴᠦᠨ ᠤ ᠴᠠᠬᠢᠯᠭᠠᠨ ᠦᠷᠳᠡᠭᠡ ᠪᠣᠯ ᠮᠠᠨ ᠤ ᠬᠤᠰᠢᠭᠤᠨ ᠤ | ᠠᠩᠬᠠᠨ ᠤ ᠪᠦᠯᠦᠭ ᠤᠨ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠪᠣᠯᠣᠨ᠎ᠠ᠃ 2011 ᠣᠨ ᠤ 12 | ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ | ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠢᠨᠵᠧᠨᠧᠷᠢᠩ ᠨᠢ ᠲᠣᠣᠷ ᠨᠡᠶᠢᠯᠡᠭᠦᠯᠬᠦ ᠬᠡᠯᠪᠡᠷᠢ ᠶᠢᠨ ᠰᠠᠯᠬᠢᠨ ᠤ | ᠲᠠᠯᠠᠪᠠᠶ ᠳᠤ ᠬᠠᠷᠢᠶᠠᠯᠠᠭᠳᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 49.5 MW ᠪᠠᠶᠢᠵᠤ᠂ ᠨᠡᠶᠢᠲᠡ | 33 ᠰᠠᠭᠤᠷᠢ 1500 ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | ᠤᠭᠰᠠᠷᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠤ ᠲᠣᠣᠷ ᠲᠤ ᠨᠡᠶᠢᠯᠡᠭᠦᠯᠦᠨ᠂ 4700 | ᠭᠠᠷᠤᠢ ᠡᠳᠦᠷ ᠦᠷᠭᠦᠯᠵᠢᠯᠡᠨ ᠠᠶᠤᠯᠭᠦᠢ ᠦᠢᠯᠡᠳᠪᠦᠷᠢᠯᠡᠪᠡ᠂ ᠠᠰᠢᠭᠯᠠᠯᠲᠠ ᠳᠤ ᠣᠷᠣᠭᠰᠠᠨ ᠠᠴᠠ ᠨᠠᠰᠢ᠂ ᠨᠡᠶᠢᠲᠡ | 19.2 ᠳ᠋ᠦᠩᠰᠢᠭᠤᠷ ᠭᠷᠡᠳᠦ᠋ᠰ ᠤᠨ ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠭᠠᠷᠭᠠᠵᠤ᠂ 19 ᠲᠦᠮᠡ ᠭᠠᠷᠤᠢ | ᠲᠣᠨ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 50 | ᠲᠦᠮᠡᠨ ᠲᠣᠨ ᠰᠢᠬᠠᠮ ᠪᠠᠭᠠᠰᠬᠠᠪᠠ᠃ | ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ᠂ ᠣᠶᠢᠷ᠎ᠠ ᠶᠢᠨ ᠵᠢᠯ ᠠᠴᠠ᠂ ᠮᠠᠨ ᠤ ᠺᠣᠮᠫᠠᠨᠢ ᠠᠮᠢ | ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ | ᠪᠠᠷᠢᠮᠲᠠᠯᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ | ᠬᠦᠷᠭᠡᠬᠦ ᠪᠠ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠬᠠᠷᠠᠯᠲᠠ ᠶᠢ ᠪᠡᠶᠡᠯᠡᠭᠦᠯᠬᠦ ᠪᠠ ︽ᠲᠠᠪᠤᠨ ᠶᠡᠭᠡ ᠡᠭᠦᠷᠭᠡ︾ | ᠶᠢ ᠦᠷᠭᠦᠯᠵᠢᠯᠡᠨ ᠠᠬᠢᠭᠤᠯᠬᠤ ᠳᠤ ᠠᠮᠵᠢᠯᠲᠠ ᠪᠦᠲᠦᠮᠵᠢ ᠭᠠᠷᠭᠠᠬᠤ ᠳᠤ ᠪᠢᠳᠡᠨ ᠤ ᠦᠵᠡᠭᠦᠯᠪᠡᠰᠦ ᠵᠣᠬᠢᠬᠤ ᠬᠤᠪᠢ | ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃ | ᠣᠳᠣᠬᠠᠨ ᠳᠤ᠂ ᠮᠠᠨ ᠤ ᠬᠤᠰᠢᠭᠤᠨ ᠤ ᠬᠡᠪᠴᠢᠶ᠎ᠡ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ | ᠠᠵᠤ ᠠᠬᠤᠶᠢᠯᠠᠯ ᠨᠡᠶᠢᠲᠡ 4 ᠪᠠᠶᠢᠵᠤ᠂ 2023 ᠣᠨ ᠳᠤ ᠨᠡᠶᠢᠲᠡ 7 ᠳ᠋ᠦᠩᠰᠢᠭᠤᠷ ᠰᠢᠬᠠᠮ ᠭᠷᠡᠳᠦ᠋ᠰ ᠤᠨ | ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠭᠠᠷᠭᠠᠪᠠ᠃ | ᠪᠠᠷᠠᠭᠤᠨ ᠦᠵᠦᠮᠦᠴᠢᠨ ᠬᠤᠰᠢᠭᠤᠨ ᠤ ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ | ᠬᠢᠵᠠᠭᠠᠷᠲᠤ ᠺᠣᠮᠫᠠᠨᠢ ᠶᠢᠨ ᠲᠥᠪᠯᠡᠷᠡᠭᠦᠯᠦᠨ ᠡᠵᠡᠮᠳᠡᠬᠦ ᠲᠠᠰᠤᠭ ᠲᠤ᠂ ᠠᠵᠢᠯᠲᠠᠳ ᠲᠤᠭ᠎ᠠ ᠪᠠᠷᠢᠮᠲᠠ ᠶᠢᠨ | ᠠᠵᠢᠯᠯᠠᠭᠠᠨ ᠤ ᠳᠡᠯᠭᠡᠴᠡ ᠶᠢ ᠨᠠᠷᠢᠨ ᠠᠵᠢᠭᠯᠠᠵᠤ᠂ ᠪᠠᠶᠢᠨ ᠪᠠᠶᠢᠨ ᠶᠠᠷᠢᠯᠴᠠᠭᠤᠷ ᠮᠠᠰᠢᠨ ᠢᠶᠠᠷ ᠲᠥᠬᠦᠭᠡᠷᠦᠮᠵᠢ ᠶᠢᠨ | ᠠᠵᠢᠯᠯᠠᠭᠠᠨ ᠤ ᠪᠠᠶᠢᠳᠠᠯ ᠢ ᠨᠡᠪᠲᠡᠷᠡᠯᠴᠡᠵᠦ ᠪᠠᠶᠢᠯ᠎ᠠ᠃ | 2023 ᠣᠨ ᠳᠤ᠂ ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ | ᠺᠣᠮᠫᠠᠨᠢ ᠶᠢᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢᠭᠡᠨᠲᠡ 55.21 ᠳ᠋ᠦᠩᠰᠢᠭᠤᠷ ᠭᠷᠡᠳᠦ᠋ᠰ ᠲᠤ ᠬᠦᠷᠴᠦ᠂ | 2019 ᠣᠨ ᠤ ᠡᠴᠦᠰ ᠲᠤ ᠬᠤᠣᠰ ᠮᠠᠰᠢᠨ ᠠᠰᠢᠭᠯᠠᠯᠲᠠ ᠳᠤ ᠣᠷᠣᠭᠰᠠᠨ ᠠᠴᠠ ᠨᠠᠰᠢ᠂ 2023 ᠣᠨ ᠤ | ᠡᠴᠦᠰ ᠪᠣᠯᠲᠠᠯ᠎ᠠ᠂ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 248 ᠳ᠋ᠦᠩᠰᠢᠭᠤᠷ ᠭᠷᠡᠳᠦ᠋ᠰ ᠲᠤ ᠬᠦᠷᠴᠦ᠂ | ᠤᠯᠤᠰ ᠤᠨ ᠴᠠᠬᠢᠯᠭᠠᠨ ᠤ ᠲᠣᠣᠷ ᠤᠨ ᠤᠮᠠᠷᠠᠲᠤ ᠣᠷᠣᠨ ᠤ ᠬᠤᠪᠢᠶᠠᠷᠢ ᠬᠡᠯᠲᠡᠰ ᠪᠠ ᠵᠢᠶᠠᠩᠰᠤ ᠮᠤᠵᠢ ᠶᠢᠨ | ᠴᠠᠬᠢᠯᠭᠠᠨ ᠤ ᠲᠣᠣᠷ ᠤᠨ ᠴᠠᠬᠢᠯᠭᠠᠨ ᠬᠦᠴᠦᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃ | ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠪᠣᠯᠣᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠤᠰ ᠺᠣᠮᠫᠠᠨᠢ | ︽ᠲᠠᠪᠤᠨ ᠶᠡᠭᠡ ᠡᠭᠦᠷᠭᠡ︾ ᠶᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ᠂ | ᠴᠢᠨᠠᠷ ᠰᠠᠶᠢᠲᠠᠢ ᠬᠥᠭᠵᠢᠭᠦᠯᠬᠦ ᠳᠤ ᠭᠤᠶᠢᠪᠢᠰᠢ ᠦᠭᠡᠢ ᠲᠤᠤᠱᠯᠠᠭᠤᠯᠬᠤ ᠶᠢᠨ ᠬᠠᠮᠲᠤ ᠤᠯᠤᠰ ᠤᠨ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢᠨ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ ᠪᠣᠯᠭᠠᠵᠤ᠂ ᠵᠢᠯ | ᠪᠦᠷᠢ ᠪᠡᠭᠡᠵᠢᠩ ᠲᠢᠶᠠᠨᠵᠢᠨ ᠬᠤᠪᠸᠢ ᠱᠠᠨᠳᠦ᠋ᠩ ᠵᠢᠶᠠᠩᠰᠤ ᠶᠢᠨ ᠤᠷᠬᠢᠯ ᠢ ᠤᠭᠲᠤᠨ ᠵᠤᠨ ᠢ ᠥᠩᠭᠡᠷᠡᠭᠦᠯᠬᠦ᠂ | ᠤᠷᠬᠢᠯ ᠢ ᠤᠭᠲᠤᠨ ᠡᠪᠦᠯ ᠢ ᠥᠩᠭᠡᠷᠡᠭᠦᠯᠬᠦ ᠶᠢᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠪᠠᠲᠤᠯᠠᠬᠤ ᠶᠢᠨ | ᠲᠥᠯᠥᠭᠡ᠂ ᠬᠠᠮᠢᠶ᠎ᠠ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠵᠤ᠂ | ᠲᠥᠬᠦᠭᠡᠷᠦᠮᠵᠢ ᠶᠢᠨ ᠠᠵᠢᠯᠯᠠᠭ᠎ᠠ ᠨᠠᠶᠢᠳᠠᠪᠤᠷᠢᠲᠠᠢ᠂ ᠢᠯᠴᠢ ᠬᠠᠩᠭᠠᠬᠤ ᠲᠤᠭ᠎ᠠ ᠬᠡᠮᠵᠢᠶ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠵᠤ ᠪᠤᠢ᠃ | ᠪᠠᠷᠠᠭᠤᠨ ᠦᠵᠦᠮᠦᠴᠢᠨ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠪᠥᠬᠦ | ᠬᠤᠰᠢᠭᠤᠨ ᠤ 4 ᠠᠰᠢᠭᠯᠠᠯᠲᠠ ᠳᠤ ᠣᠷᠣᠭᠤᠯᠤᠭᠰᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 414 ᠲᠦᠮᠡᠨ ᠺᠢᠯᠣᠸᠠᠲ ᠲᠤ ᠬᠦᠷᠴᠡᠢ᠃ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ | ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠡᠢ᠃ ᠤᠯᠤᠰ ᠤᠨ ᠡᠨᠧᠷᠭᠢ ᠶᠢᠨ | ᠦᠢᠯᠡᠳᠪᠦᠷᠢᠯᠡᠯ ᠤᠨ ᠭᠠᠷᠭᠠᠯᠲᠠ ᠶᠢᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠪᠠᠷᠠᠭᠤᠨ | ᠦᠵᠦᠮᠦᠴᠢᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ | ᠪᠠᠶᠢᠵᠤ᠂ ᠢᠮᠠᠭᠲᠠ ᠪᠣᠳᠠᠲᠤ ᠪᠠᠶᠢᠳᠠᠯ ᠠᠴᠠ ᠡᠭᠦᠰᠦᠨ ᠨᠡᠭᠦᠷᠡᠰᠦ ᠴᠠᠬᠢᠯᠭᠠᠨ ᠢ ᠠᠷᠢᠭᠤᠨ ᠴᠡᠪᠡᠷ ᠥᠨᠳᠥᠷ | ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠡᠭᠦᠨ ᠤ ᠬᠠᠮᠲᠤ ᠠᠮᠢ ᠠᠬᠤᠢ ᠶᠢᠨ | ᠡᠬᠢ ᠪᠠᠶᠠᠯᠢᠭ ᠢ ᠴᠢᠳᠠᠮᠠᠭᠠᠢ ᠪᠠᠷ ᠠᠰᠢᠭᠯᠠᠬᠤ ᠠᠴᠠ ᠪᠢᠰᠢ ᠡᠬᠢ ᠪᠠᠶᠠᠯᠢᠭ ᠤᠨ ᠬᠤᠷᠢᠭ᠎ᠠ ᠱᠤᠭᠤᠮ ᠢ ᠡᠪᠳᠡᠬᠦ ᠦᠭᠡᠢ | ᠪᠠᠶᠢᠵᠤ᠂ ᠰᠠᠶᠢᠨ ᠰᠠᠶᠢᠬᠠᠨ ᠪᠠᠶᠢᠭᠠᠯᠢ ᠶᠢᠨ ᠠᠮᠢ ᠠᠬᠤᠢ ᠶᠢᠨ ᠳᠠᠪᠠᠭᠤᠯᠢᠭ ᠲᠤ ᠲᠦᠰᠢᠭᠯᠡᠨ᠂ ᠳᠠᠪᠠᠭᠤᠯᠢᠭ ᠢ | ᠬᠤᠪᠢᠷᠠᠭᠤᠯᠬᠤ ᠡᠨᠡᠬᠦ ᠲᠣᠮᠣ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠪᠣᠬᠢᠷᠲᠤᠯ ᠦᠭᠡᠢ ᠠᠵᠤ ᠦᠢᠯᠡᠰ ᠤᠨ | ᠲᠤᠯᠭᠠᠭᠤᠷᠢᠯᠠᠯ ᠢ ᠪᠠᠲᠤᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤᠨ ᠠᠴᠠ ᠠᠯᠳᠠ ᠮᠥᠩᠭᠦᠨ ᠠᠭᠤᠯᠠ ᠶᠢ | ᠢᠯᠡᠷᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ | ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ | | |