ᠪᠠᠷᠠᠭᠤᠨ ᠦᠵᠦᠮᠦᠴᠢᠨ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠡᠯᠰᠡᠭᠳᠡᠭᠰᠡᠨ ᠰᠢᠨ᠎ᠡ ᠴᠡᠷᠢᠭ ᠢᠶᠠᠨ ᠦᠳᠡᠨ ᠮᠣᠷᠳᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠮᠲᠤᠷᠠᠨ 2024 ᠣᠨ ᠤ ᠳᠡᠭᠡᠷ᠎ᠡ ᠬᠠᠭᠠᠰ ᠵᠢᠯ ᠤᠨ ᠡᠯᠰᠡᠭᠳᠡᠭᠰᠡᠨ ᠰᠢᠨ᠎ᠡ ᠴᠡᠷᠢᠭ  ᠢᠶᠠᠨ ᠦᠳᠡᠨ ᠮᠣᠷᠳᠠᠭᠤᠯᠬᠤ ᠬᠤᠷᠠᠯ ᠬᠤᠷᠠᠯᠳᠤᠭᠤᠯᠪᠠ᠃  ᠰᠢᠨ᠎ᠡ ᠪᠠᠷ ᠡᠯᠰᠡᠭᠳᠡᠭᠰᠡᠨ ᠴᠡᠷᠢᠭ ᠤᠳ  ᠴᠤᠭ ᠵᠢᠪᠬᠤᠭ᠎ᠠ ᠪᠠᠳᠠᠷᠠᠭᠤᠯᠤᠨ᠂ ᠰᠢᠨ᠎ᠡ ᠠᠶᠠᠨ ᠳᠠᠭᠠᠨ ᠮᠣᠷᠳᠠᠬᠤ ᠪᠠᠷ ᠪᠡᠯᠡᠬᠡᠨ ᠪᠠᠶᠢᠯ᠎ᠠ᠃
     ᠬᠤᠷᠠᠯ ᠳᠡᠭᠡᠷ᠎ᠡ᠂ ᠠᠨ ᡁᠢ ᠪᠢᠨ ᠶᠠᠷᠢᠶᠠᠨ ᠳᠠᠭᠠᠨ᠂ ᠴᠡᠷᠢᠭ ᠠᠩᠭᠢ ᠪᠣᠯ ᠤᠯᠤᠰ ᠲᠦᠷᠤ ᠶᠢ ᠬᠠᠮᠤᠭ ᠠᠴᠠ ᠢᠯᠡᠭᠦᠦ ᠡᠷᠬᠢᠮᠯᠡᠳᠡᠭ ᠭᠠᠵᠠᠷ ᠮᠥᠨ᠃ ᠣᠯᠠᠨ ᠢᠶᠠᠷ ᠢᠶᠠᠨ ᠤᠬᠠᠮᠰᠠᠷ ᠠᠴᠠ ᠪᠠᠨ ᠤᠯᠤᠰ ᠲᠥᠷᠥ ᠶᠢᠨ ᠣᠨᠣᠯ ᠤᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠤᠶᠤᠨ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠵᠦ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠴᠡᠷᠢᠭ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ ᠵᠢᠯᠣᠭᠤᠳᠤᠯᠭ᠎ᠠ ᠶᠢ ᠲᠠᠭᠠᠵᠤ᠂ ᠰᠢᠷᠭᠠᠭᠤ ᠪᠤᠯᠪᠠᠰᠤᠷᠠᠨ ᠵᠣᠷᠢᠭᠲᠠᠢ ᠪᠠᠷ ᠳᠠᠭᠤᠷᠢᠶᠠᠯ ᠪᠣᠯᠵᠤ᠂ ᠴᠡᠷᠢᠭ ᠤᠨ ᠬᠤᠸᠠᠷᠠᠨ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ ᠂ ᠰᠤᠷᠲᠠᠯ ᠰᠢᠯᠢᠳᠡᠭ ᠰᠠᠶᠢᠨ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠪᠣᠯᠬᠤ ᠬᠡᠷᠡᠭᠲᠡᠢ ᠭᠡᠵᠡᠢ᠃
     ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ ᠬᠢᠵᠠᠢ᠃ ᠳᠠᠷᠠᠭ᠎ᠠ ᠨᠢ᠂ ᠰᠢᠨ᠎ᠡ ᠴᠡᠷᠢᠭ ᠤᠨ ᠲᠥᠯᠥᠭᠡᠯᠡᠭᠴᠢ ᠵᠢᠴᠢ ᠰᠢᠨ᠎ᠡ ᠴᠡᠷᠢᠭ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠤ ᠳᠠᠷᠠᠭ᠎ᠠ ᠰᠢᠨ᠎ᠡ ᠴᠡᠷᠢᠭ ᠲᠠᠩᠭᠠᠷᠢᠭᠯᠠᠵᠤ᠂ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃      ᠰᠢᠨ᠎ᠡ ᠴᠡᠷᠢᠭ ᠤᠳ ᠴᠤᠬ ᠵᠢᠪᠬᠤᠭ᠎ᠠ ᠪᠠᠳᠠᠷᠠᠩᠭᠤᠢ᠂ ᠬᠠᠷᠠᠯᠲᠠ ᠵᠣᠷᠢᠯᠲᠠ ᠪᠠᠲᠤ᠂ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠵᠤ᠂ ᠦᠳᠡᠯᠲᠡ ᠶᠢᠨ ᠬᠤᠷᠠᠯ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠶᠢᠨ ᠦᠵᠡᠭᠦᠯᠪᠦᠷᠢ ᠪᠠᠨ ᠭᠠᠷᠭᠠᠨ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠡᠷᠴᠢ ᠵᠣᠷᠢᠭ ᠢ ᠬᠥᠪᠴᠢᠯᠠᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号