ᠪᠠᠷᠠᠭᠤᠨ ᠦᠵᠦᠮᠦᠴᠢᠨ ᠬᠤᠰᠢᠭᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠪᠣᠯᠪᠠᠰᠤᠷᠠᠯ ᠡᠷᠬᠢᠯᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/3/19
    3 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ  ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ ᠠᠴᠠ ᠡᠷᠭᠢᠯᠡᠭᠰᠡᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠪᠣᠯᠪᠠᠰᠤᠷᠠᠯ  ᠨᠢ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠵᠡᠢ᠃     ᠲᠣᠰ ᠤᠳᠠᠭᠠᠨ ᠤ ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠠᠵᠢᠯ ᠤᠨ ᠭᠤᠣᠯ ᠰᠢᠵᠢᠮ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠶᠡᠭᠡ ᠪᠠᠷ ᠳᠡᠭᠡᠭᠰᠢᠯᠡᠭᠦᠯᠬᠦ ᠶᠢᠨ ᠲᠥᠯᠥᠭᠡ ᠶᠤᠮ᠃     ᠪᠣᠯᠪᠠᠰᠤᠷᠠᠯ ᠨᠢ ︽ᠵᠢᠷᠭᠤᠭᠠᠨ ᠵᠤᠷᠪᠤᠰ ᠦᠬᠡ︾ ᠪᠤᠳᠠᠳᠣ ᠦᠯᠢᠬᠡᠷ ᠵᠢᠱᠢᠶ᠎ᠠ ᠪᠠ ᠣᠳᠬ᠎ᠠ ᠠᠭᠤᠯᠭ᠎ᠠ ᠶᠢ ᠭᠦᠨᠵᠡᠬᠡᠢ ᠦᠢᠯᠠᠭᠠᠨ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ ᠲᠤᠰᠬᠠᠢ ᠰᠡᠳᠦᠪᠲᠦ ᠲᠠᠶᠢᠯᠤᠮᠵᠢ᠂ ︽ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠢ ᠲᠡᠳᠬᠦᠨ ᠬᠥᠭᠵᠢᠭᠦᠯᠬᠦ ᠠᠷᠭ᠎ᠠ︾ ᠪᠠ ︽ᠪᠠᠷᠠᠭᠤᠨ ᠦᠵᠦᠮᠦᠴᠢᠨ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ  ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠤᠮᠵᠢ᠂ ᠦᠢᠯᠡᠴᠢᠯᠡᠭᠡᠨ ᠤ ᠶᠣᠰᠣᠯᠠᠯ ᠤᠨ ᠲᠤᠰᠬᠠᠢ ᠰᠡᠳᠦᠪᠲᠦ ᠪᠣᠯᠪᠠᠰᠤᠷᠠᠯ ᠵᠡᠷᠬᠡ ᠠᠭᠤᠯᠭ᠎ᠠ ᠪᠠᠷ ᠶᠠᠪᠤᠭᠳᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号