︽ᠲᠠᠪᠤᠨ ᠶᠡᠭᠡ ᠡᠭᠦᠷᠭᠡ︾  ᠶᠢ ᠲᠦᠷᠭᠡᠨ ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2024/3/19
        ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠡᠯᠪᠡᠭ ᠪᠠᠶᠢᠵᠤ᠂ ᠰᠠᠯᠬᠢᠨ ᠤ ᠡᠨᠧᠷᠭᠢ ᠶᠢᠨ ᠡᠬᠢ ᠪᠠᠶᠠᠯᠢᠭ ᠤᠨ ᠮᠡᠷᠭᠡᠵᠢᠯ ᠤᠨ ᠨᠡᠭᠡᠭᠡᠨ ᠠᠰᠢᠭᠯᠠᠵᠤ ᠪᠣᠯᠬᠤ ᠬᠡᠮᠵᠢᠶ᠎ᠡ ᠪᠦᠬᠦ ᠤᠯᠤᠰ ᠤᠨ ᠲᠡᠷᠢᠭᠦᠨ ᠳᠤ ᠪᠠᠶᠢᠵᠤ᠂ ᠪᠠᠷᠠᠭᠤᠨ ᠦᠵᠦᠮᠦᠴᠢᠨ ᠬᠤᠰᠢᠭᠤᠨ ᠨᠢ ᠪᠠᠶᠢᠭᠠᠯᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠠᠷᠢᠭᠤᠨ ᠴᠡᠪᠡᠷ ᠡᠨᠧᠷᠭᠢ ᠶᠢᠨ ᠭᠠᠷᠭᠠᠯᠲᠠ ᠶᠢᠨ ᠴᠢᠬᠤᠯᠠ ᠰᠠᠭᠤᠷᠢᠨ ᠪᠣᠯᠣᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠨᠢ ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠳᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠰᠠᠭᠠᠷᠮᠠᠭᠵᠢᠬᠤ︾ ᠵᠢᠴᠢ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠣ ᠪᠠᠶᠢᠨ᠎ᠠ᠃        ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠣᠨ ᠤ ᠬᠠᠷᠢᠶᠠᠨ ᠳᠠᠬᠢ ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠪᠠᠷᠠᠭᠤᠨ ᠦᠵᠦᠮᠦᠴᠢᠨ ᠬᠤᠰᠢᠭᠤᠨ ᠤ ᠬᠤᠪᠢᠶᠠᠷᠢ ᠺᠣᠮᠫᠠᠨᠢ ᠶᠢᠨ ᠬᠠᠳᠠᠲᠤ ᠰᠠᠯᠬᠢᠨ ᠬᠦᠴᠦᠨ ᠤ ᠴᠠᠬᠢᠯᠭᠠᠨ ᠦᠷᠳᠡᠭᠡ ᠪᠣᠯ ᠮᠠᠨ ᠤ ᠬᠤᠰᠢᠭᠤᠨ ᠤ ᠠᠩᠬᠠᠨ ᠤ ᠪᠦᠯᠦᠭ ᠤᠨ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠪᠣᠯᠣᠨ᠎ᠠ᠃ 2011 ᠣᠨ ᠤ 12 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ  ᠨᠢ 5 ᠳ᠋ᠦᠩᠰᠢᠭᠤᠷ ᠲᠥᠭᠦᠷᠢᠭ ᠲᠤ ᠬᠦᠷᠴᠦ᠂ ᠢᠨᠵᠧᠨᠧᠷᠢᠩ ᠨᠢ ᠲᠣᠣᠷ ᠨᠡᠶᠢᠯᠡᠭᠦᠯᠬᠦ ᠬᠡᠯᠪᠡᠷᠢ ᠶᠢᠨ ᠰᠠᠯᠬᠢᠨ ᠤ ᠲᠠᠯᠠᠪᠠᠶ ᠳᠤ ᠬᠠᠷᠢᠶᠠᠯᠠᠭᠳᠠᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 49.5 MW ᠪᠠᠶᠢᠵᠤ᠂ ᠨᠡᠶᠢᠲᠡ 33 ᠰᠠᠭᠤᠷᠢ 1500 ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠤᠭᠰᠠᠷᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠤ ᠲᠣᠣᠷ ᠲᠤ ᠨᠡᠶᠢᠯᠡᠭᠦᠯᠦᠨ᠂ 4700 ᠭᠠᠷᠤᠢ ᠡᠳᠦᠷ ᠦᠷᠭᠦᠯᠵᠢᠯᠡᠨ ᠠᠶᠤᠯᠭᠦᠢ ᠦᠢᠯᠡᠳᠪᠦᠷᠢᠯᠡᠪᠡ᠂ ᠠᠰᠢᠭᠯᠠᠯᠲᠠ ᠳᠤ ᠣᠷᠣᠭᠰᠠᠨ ᠠᠴᠠ ᠨᠠᠰᠢ᠂ ᠨᠡᠶᠢᠲᠡ 19.2 ᠳ᠋ᠦᠩᠰᠢᠭᠤᠷ ᠭᠷᠡᠳᠦ᠋ᠰ ᠤᠨ ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠭᠠᠷᠭᠠᠵᠤ᠂ 19 ᠲᠦᠮᠡ ᠭᠠᠷᠤᠢ ᠲᠣᠨ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 50 ᠲᠦᠮᠡᠨ ᠲᠣᠨ ᠰᠢᠬᠠᠮ ᠪᠠᠭᠠᠰᠬᠠᠪᠠ᠃        ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ᠂ ᠣᠶᠢᠷ᠎ᠠ ᠶᠢᠨ ᠵᠢᠯ ᠠᠴᠠ᠂ ᠮᠠᠨ ᠤ ᠺᠣᠮᠫᠠᠨᠢ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠳᠤᠮᠳᠠᠴᠢᠯᠠᠬᠤ ᠬᠠᠷᠠᠯᠲᠠ ᠶᠢ ᠪᠡᠶᠡᠯᠡᠭᠦᠯᠬᠦ ᠪᠠ ︽ᠲᠠᠪᠤᠨ ᠶᠡᠭᠡ ᠡᠭᠦᠷᠭᠡ︾  ᠶᠢ ᠦᠷᠭᠦᠯᠵᠢᠯᠡᠨ ᠠᠬᠢᠭᠤᠯᠬᠤ ᠳᠤ ᠠᠮᠵᠢᠯᠲᠠ ᠪᠦᠲᠦᠮᠵᠢ ᠭᠠᠷᠭᠠᠬᠤ ᠳᠤ ᠪᠢᠳᠡᠨ ᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ᠃       ᠣᠳᠣᠬᠠᠨ ᠳᠤ᠂ ᠮᠠᠨ ᠤ ᠬᠤᠰᠢᠭᠤᠨ ᠤ ᠬᠡᠪᠴᠢᠶ᠎ᠡ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠨᠡᠶᠢᠲᠡ 4 ᠪᠠᠶᠢᠵᠤ᠂ 2023 ᠣᠨ ᠳᠤ ᠨᠡᠶᠢᠲᠡ 7 ᠳ᠋ᠦᠩᠰᠢᠭᠤᠷ ᠰᠢᠬᠠᠮ ᠭᠷᠡᠳᠦ᠋ᠰ ᠤᠨ ᠪᠤᠬᠢᠷᠳᠤᠯ ᠦᠬᠡᠢ ᠴᠠᠬᠢᠯᠭᠠᠨ ᠢ ᠭᠠᠳᠠᠭᠰᠢ ᠭᠠᠷᠭᠠᠪᠠ᠃       ᠪᠠᠷᠠᠭᠤᠨ ᠦᠵᠦᠮᠦᠴᠢᠨ ᠬᠤᠰᠢᠭᠤᠨ ᠤ ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠲᠥᠪᠯᠡᠷᠡᠭᠦᠯᠦᠨ ᠡᠵᠡᠮᠳᠡᠬᠦ ᠲᠠᠰᠤᠭ ᠲᠤ᠂ ᠠᠵᠢᠯᠲᠠᠳ ᠲᠤᠭ᠎ᠠ ᠪᠠᠷᠢᠮᠲᠠ ᠶᠢᠨ ᠠᠵᠢᠯᠯᠠᠭᠠᠨ ᠤ ᠳᠡᠯᠭᠡᠴᠡ ᠶᠢ ᠨᠠᠷᠢᠨ ᠠᠵᠢᠭᠯᠠᠵᠤ᠂ ᠪᠠᠶᠢᠨ ᠪᠠᠶᠢᠨ ᠶᠠᠷᠢᠯᠴᠠᠭᠤᠷ ᠮᠠᠰᠢᠨ ᠢᠶᠠᠷ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠡᠪᠲᠡᠷᠡᠯᠴᠡᠵᠦ ᠪᠠᠶᠢᠯ᠎ᠠ᠃       2023 ᠣᠨ ᠳᠤ᠂ ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢᠭᠡᠨᠲᠡ 55.21 ᠳ᠋ᠦᠩᠰᠢᠭᠤᠷ ᠭᠷᠡᠳᠦ᠋ᠰ ᠲᠤ ᠬᠦᠷᠴᠦ᠂ 2019 ᠣᠨ ᠤ ᠡᠴᠦᠰ ᠲᠤ ᠬᠤᠣᠰ ᠮᠠᠰᠢᠨ ᠠᠰᠢᠭᠯᠠᠯᠲᠠ ᠳᠤ ᠣᠷᠣᠭᠰᠠᠨ ᠠᠴᠠ ᠨᠠᠰᠢ᠂ 2023 ᠣᠨ ᠤ ᠡᠴᠦᠰ ᠪᠣᠯᠲᠠᠯ᠎ᠠ᠂ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 248 ᠳ᠋ᠦᠩᠰᠢᠭᠤᠷ ᠭᠷᠡᠳᠦ᠋ᠰ ᠲᠤ ᠬᠦᠷᠴᠦ᠂ ᠤᠯᠤᠰ ᠤᠨ ᠴᠠᠬᠢᠯᠭᠠᠨ ᠤ ᠲᠣᠣᠷ ᠤᠨ ᠤᠮᠠᠷᠠᠲᠤ ᠣᠷᠣᠨ ᠤ ᠬᠤᠪᠢᠶᠠᠷᠢ ᠬᠡᠯᠲᠡᠰ ᠪᠠ ᠵᠢᠶᠠᠩᠰᠤ ᠮᠤᠵᠢ ᠶᠢᠨ ᠴᠠᠬᠢᠯᠭᠠᠨ ᠤ ᠲᠣᠣᠷ ᠤᠨ ᠴᠠᠬᠢᠯᠭᠠᠨ ᠬᠦᠴᠦᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃       ᠬᠤᠸᠠ ᠷᠦᠨ ︵ᠰᠢᠯᠢ ᠶᠢᠨ ᠭᠤᠣᠯ︶ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠣᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠤᠰ ᠺᠣᠮᠫᠠᠨᠢ ︽ᠲᠠᠪᠤᠨ ᠶᠡᠭᠡ ᠡᠭᠦᠷᠭᠡ︾ ᠶᠢ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠭᠦᠯᠬᠦ ᠳᠤ ᠭᠤᠶᠢᠪᠢᠰᠢ ᠦᠭᠡᠢ ᠲᠤᠤᠱᠯᠠᠭᠤᠯᠬᠤ ᠶᠢᠨ ᠬᠠᠮᠲᠤ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠯᠡᠭᠡ ᠶᠢᠨ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ ᠪᠣᠯᠭᠠᠵᠤ᠂ ᠵᠢᠯ ᠪᠦᠷᠢ ᠪᠡᠭᠡᠵᠢᠩ ᠲᠢᠶᠠᠨᠵᠢᠨ ᠬᠤᠪᠸᠢ ᠱᠠᠨᠳᠦ᠋ᠩ ᠵᠢᠶᠠᠩᠰᠤ ᠶᠢᠨ ᠤᠷᠬᠢᠯ ᠢ ᠤᠭᠲᠤᠨ ᠵᠤᠨ ᠢ ᠥᠩᠭᠡᠷᠡᠭᠦᠯᠬᠦ᠂ ᠤᠷᠬᠢᠯ ᠢ ᠤᠭᠲᠤᠨ ᠡᠪᠦᠯ ᠢ ᠥᠩᠭᠡᠷᠡᠭᠦᠯᠬᠦ ᠶᠢᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠪᠠᠲᠤᠯᠠᠬᠤ ᠶᠢᠨ ᠲᠥᠯᠥᠭᠡ᠂ ᠬᠠᠮᠢᠶ᠎ᠠ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠵᠤ᠂ ᠲᠥᠬᠦᠭᠡᠷᠦᠮᠵᠢ ᠶᠢᠨ ᠠᠵᠢᠯᠯᠠᠭ᠎ᠠ ᠨᠠᠶᠢᠳᠠᠪᠤᠷᠢᠲᠠᠢ᠂ ᠢᠯᠴᠢ ᠬᠠᠩᠭᠠᠬᠤ ᠲᠤᠭ᠎ᠠ ᠬᠡᠮᠵᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠪᠤᠢ᠃      ᠪᠠᠷᠠᠭᠤᠨ ᠦᠵᠦᠮᠦᠴᠢᠨ ᠬᠤᠰᠢᠭᠤᠨ ᠤ ᠨᠡᠭᠦᠷᠡᠰᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠪᠥᠬᠦ ᠬᠤᠰᠢᠭᠤᠨ ᠤ 4 ᠠᠰᠢᠭᠯᠠᠯᠲᠠ ᠳᠤ ᠣᠷᠣᠭᠤᠯᠤᠭᠰᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 414 ᠲᠦᠮᠡᠨ ᠺᠢᠯᠣᠸᠠᠲ ᠲᠤ ᠬᠦᠷᠴᠡᠢ᠃      ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠡᠢ᠃ ᠤᠯᠤᠰ ᠤᠨ ᠡᠨᠧᠷᠭᠢ ᠶᠢᠨ ᠦᠢᠯᠡᠳᠪᠦᠷᠢᠯᠡᠯ ᠤᠨ ᠭᠠᠷᠭᠠᠯᠲᠠ ᠶᠢᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠪᠠᠷᠠᠭᠤᠨ ᠦᠵᠦᠮᠦᠴᠢᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠢᠮᠠᠭᠲᠠ ᠪᠣᠳᠠᠲᠤ ᠪᠠᠶᠢᠳᠠᠯ ᠠᠴᠠ ᠡᠭᠦᠰᠦᠨ ᠨᠡᠭᠦᠷᠡᠰᠦ ᠴᠠᠬᠢᠯᠭᠠᠨ ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ  ᠶᠢ ᠲᠦᠯᠬᠢᠨ ᠠᠬᠢᠭᠤᠯᠬᠤ  ᠶᠢ ᠪᠠᠷᠢᠮᠲᠠᠯᠠᠵᠤ᠂ ᠡᠭᠦᠨ ᠤ ᠬᠠᠮᠲᠤ ᠠᠮᠢ ᠠᠬᠤᠢ ᠶᠢᠨ ᠡᠬᠢ ᠪᠠᠶᠠᠯᠢᠭ ᠢ ᠴᠢᠳᠠᠮᠠᠭᠠᠢ ᠪᠠᠷ ᠠᠰᠢᠭᠯᠠᠬᠤ ᠠᠴᠠ ᠪᠢᠰᠢ ᠡᠬᠢ ᠪᠠᠶᠠᠯᠢᠭ ᠤᠨ ᠬᠤᠷᠢᠭ᠎ᠠ ᠱᠤᠭᠤᠮ ᠢ ᠡᠪᠳᠡᠬᠦ ᠦᠭᠡᠢ ᠪᠠᠶᠢᠵᠤ᠂ ᠰᠠᠶᠢᠨ ᠰᠠᠶᠢᠬᠠᠨ ᠪᠠᠶᠢᠭᠠᠯᠢ ᠶᠢᠨ ᠠᠮᠢ ᠠᠬᠤᠢ ᠶᠢᠨ ᠳᠠᠪᠠᠭᠤᠯᠢᠭ ᠲᠤ ᠲᠦᠰᠢᠭᠯᠡᠨ᠂ ᠳᠠᠪᠠᠭᠤᠯᠢᠭ ᠢ ᠬᠤᠪᠢᠷᠠᠭᠤᠯᠬᠤ ᠡᠨᠡᠬᠦ ᠲᠣᠮᠣ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠪᠣᠬᠢᠷᠲᠤᠯ ᠦᠭᠡᠢ ᠠᠵᠤ ᠦᠢᠯᠡᠰ ᠤᠨ ᠲᠤᠯᠭᠠᠭᠤᠷᠢᠯᠠᠯ ᠢ ᠪᠠᠲᠤᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤᠨ ᠠᠴᠠ ᠠᠯᠳᠠ ᠮᠥᠩᠭᠦᠨ ᠠᠭᠤᠯᠠ ᠶᠢ ᠢᠯᠡᠷᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号