ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠣᠯᠠᠨ ᠦᠨᠳᠦᠰᠦᠲᠡᠨ ᠤ ᠤᠷᠠᠯᠢᠭ ᠤᠨ ᠠᠭᠤᠰᠤᠯᠴᠠᠯ ᠭᠦᠭᠵᠢᠯᠳᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/3/19
                                                     ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠨᠢ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠤᠨ ᠨᠤᠳᠤᠭ ᠤᠨ ᠥᠨᠢ ᠤᠳᠠᠭᠠᠨ ᠲᠡᠦᠬᠡ ᠰᠣᠶᠣᠯ ᠪᠠ ᠬᠥᠮᠥᠨ ᠵᠤᠨ  ᠤ ᠶᠤᠰᠣ ᠵᠠᠩᠰᠢᠯ ᠢ ᠤᠷᠠᠯᠢᠭ ᠤᠨ ᠰᠠᠶᠢᠬᠠᠨ ᠪᠦᠳᠦᠬᠡᠯ ᠢᠶᠠᠷ ᠢᠶᠠᠨ ᠳᠡᠯᠭᠡᠨ ᠦᠵᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠪᠠᠶᠠᠯᠢᠭᠵᠢᠭᠤᠯᠤᠨ ᠬᠠᠩᠭᠠᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠡᠭᠦᠷᠭᠡ ᠬᠠᠷᠢᠭᠤᠴᠠᠯᠭ᠎ᠠ ᠶᠢ ᠦᠢᠯᠠᠳᠣᠯᠬᠡᠵᠢᠬᠦᠯᠵᠦ ᠶᠠᠪᠤᠭ᠎ᠠ ᠶᠤᠮ᠃ ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ  ᠨᠢ ᠴᠧᠩᠳᠦ᠋ ᠬᠤᠲᠠ᠂ ᠬᠥᠬᠡᠨᠠᠭᠤᠷ ᠮᠤᠵᠢ ᠵᠡᠷᠭᠡ ᠭᠠᠵᠠᠷ ᠣᠷᠣᠨ ᠤ ᠲᠤᠰᠬᠠᠢ ᠮᠠᠷᠬᠡᠵᠢᠯ ᠤᠨ ᠪᠠᠭᠰᠢ ᠶᠢ ᠤᠷᠢᠵᠤ ᠬᠢᠴᠢᠶᠠᠯᠠᠯᠬᠡ ᠤᠷᠤᠭᠤᠯᠵᠦ᠂ ᠲᠤᠭᠯᠠᠭᠴᠢᠳ  ᠤᠨ ᠮᠠᠷᠬᠡᠵᠢᠯ ᠤᠨ ᠬᠡᠪ ᠪᠤᠯᠪᠠᠰᠣᠷᠠᠯ ᠢ ᠲᠡᠭᠡᠭᠰᠢᠯᠠᠬᠦᠯᠬᠦ ᠶᠢᠨ ᠲᠠᠭᠠᠤ ᠦᠨᠳᠦᠰᠦᠲᠡᠨ  ᠤ ᠬᠤᠭᠤᠷᠤᠨᠳᠣᠬᠢ ᠰᠣᠶᠤᠯ  ᠤᠨ ᠰᠣᠯᠢᠯᠴᠠᠭ᠎ᠠ ᠠᠭᠤᠰᠤᠯᠴᠠᠭ᠎ᠠ ᠶᠢ  ᠠᠬᠢᠭᠤᠯᠵᠦ  ᠪᠠᠶᠢᠨ᠎ᠠ  ᠃     ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ ᠴᠧᠩᠳᠦ᠋ ᠬᠤᠲᠠ ᠶᠢᠨ  ᠲᠢᠶᠠᠨ ᠶᠠ ᠹᠠᠩ ᠽᠦᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠪᠣᠯᠣᠨ ᠬᠥᠬᠡᠨᠠᠭᠤᠷ ᠮᠤᠵᠢ ᠶᠢᠨ ᠳᠠᠭᠤᠤ ᠪᠥᠵᠢᠭ ᠤᠨ ᠪᠦᠯᠬᠦᠮ ᠤᠨ ᠲᠤᠰᠬᠠᠢ ᠮᠠᠷᠬᠡᠵᠢᠯ ᠤᠨ ᠪᠠᠭᠰᠢ ᠶᠢ ᠤᠷᠢᠵᠤ  ᠂ ᠢ ᠦᠨᠳᠦᠰᠦᠲᠡᠨ ᠤ ᠪᠥᠵᠢᠭ ᠪᠠ ᠲᠥᠪᠡᠳ ᠦᠨᠳᠦᠰᠦᠲᠡᠨ ᠤ ᠪᠥᠵᠢᠭ ᠤᠨ ᠦᠨᠳᠦᠰᠦᠨ ᠴᠢᠳᠠᠪᠤᠷᠢ ᠶᠢᠨ ᠲᠣᠭᠤᠷᠢᠨ ᠳᠤ ᠭᠤᠣᠯᠳᠠᠯᠭ᠎ᠠ ᠲᠠᠢ  ᠵᠢᠯᠤᠭᠤᠳᠣᠯᠭ᠎ᠠ ᠬᠢᠯᠬᠡᠵᠦ᠂ ᠪᠦᠵᠢᠭᠴᠢᠳ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠨ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠦᠭᠰᠡᠨ ᠪᠠᠶᠢᠨ᠎ᠠ᠃     ᠬᠥᠬᠡᠨᠠᠭᠤᠷ ᠮᠤᠵᠢ   ᠶᠢᠨ ᠳᠠᠭᠤᠤ ᠪᠥᠵᠢᠭ ᠤᠨ ᠪᠦᠯᠬᠦᠮ ᠤᠨ ᠨᠠᠶᠢᠷᠠᠭᠤᠯᠤᠨ ᠤᠳᠤᠷᠢᠳᠤᠭᠠᠴᠢ  ᠭᠧ ᠰᠠᠩ ᠳ᠋ᠥᠸᠧ ᠵᠢᠶᠧ᠄ ︽ᠪᠢ ᠪᠠᠷᠠᠭᠤᠨ ᠦᠵᠦᠮᠦᠴᠢᠨ ᠬᠤᠰᠢᠭᠤᠨ ᠳᠤ ᠠᠩᠬ᠎ᠠ ᠤᠳᠠᠭ᠎ᠠ ᠢᠷᠡᠵᠦ ᠪᠠᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠳᠤᠭ ᠦᠷᠬᠡᠨ ᠠᠭᠤᠳᠠᠮ᠂ ᠬᠦᠮᠦᠨ ᠠᠷᠡᠳ   ᠨᠢ ᠬᠠᠯᠠᠭᠤᠮᠰᠤᠭ᠂ ᠪᠢ ᠠᠳᠠᠬᠢ ᠶᠢ ᠶᠡᠭᠡ ᠲᠤᠭᠤᠵᠦ ᠪᠠᠶᠢᠨ᠎ᠠ᠃ ᠡᠨᠡ ᠤᠳᠠᠭ᠎ᠠ  ᠢᠷᠡᠬᠡᠳ ᠲᠦᠪᠡᠳ ᠦᠨᠳᠣᠰᠣᠳᠠᠨ ᠤ ᠪᠦᠵᠢᠭ ᠢ ᠵᠢᠭᠠᠵᠦ ᠦᠭᠴᠠᠢ᠂ ᠶᠡᠭᠡ ᠠᠮᠵᠢᠯᠳᠠ ᠲᠠᠢ᠃ ᠡᠨᠡ ᠤᠳᠠᠭᠠᠨ ᠤ ᠬᠠᠷᠢᠯᠴᠠᠨ ᠰᠣᠷᠣᠯᠴᠠᠯᠭ᠎ᠠ ᠪᠠᠷ ᠲᠠᠮᠵᠢᠨ᠂ ᠲᠦᠪᠡᠳ ᠦᠨᠳᠣᠰᠣᠳᠠᠨ ᠤ ᠪᠦᠵᠢᠭ ᠤᠨ ᠤᠨᠴᠠᠯᠢᠭ ᠢ ᠪᠠᠷᠠᠭᠤᠨ ᠦᠵᠦᠮᠦᠴᠢᠨ ᠤ ᠤᠯᠠᠨ  ᠲᠦᠮᠠᠨ ᠳᠤ ᠰᠣᠨᠢᠷᠬᠠᠭᠤᠯᠬᠤ ᠪᠤᠯᠤᠨ᠎ᠠ︾ ᠭᠡᠯ᠎ᠡ᠃     ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ ᠤᠨ ᠬᠢᠨ  ᠡᠯ᠎ᠠ ᠦᠨᠳᠣᠰᠣᠳᠠᠨ   ᠯᠦᠭᠡ ᠶᠢᠨ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠰᠣᠶᠣᠯ ᠤᠷᠠᠯᠢᠭ ᠤᠨ ᠰᠣᠯᠢᠯᠴᠠᠭ᠎ᠠ ᠶᠢ ᠴᠢᠩᠭᠠᠳᠬᠠᠵᠤ ᠂ ᠰᠣᠶᠣᠯ ᠤᠷᠠᠯᠢᠭ ᠤᠨ ᠪᠦᠯᠬᠦᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠰᠣᠶᠣᠯ ᠵᠤᠭᠠᠴᠠᠯ ᠤᠨ ᠤᠬᠠᠭᠤᠯᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠢ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠤᠯᠠᠨ ᠠᠷᠠᠳ ᠲᠦᠮᠡᠨ ᠳᠤ ᠳᠡᠯᠭᠡᠨ ᠦᠵᠡᠭᠦᠯᠵᠦ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠴᠢᠨᠠᠭᠰᠢᠳᠠ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠵᠤ ᠪᠣᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号