ᠬᠤᠭᠤᠯᠠᠳᠦ ᠶᠢᠨ ᠭᠤᠣᠯ ᠪᠠᠯᠭᠠᠰᠤ ᠦᠵᠦᠮᠦᠴᠢᠨ ᠬᠤᠨᠢᠨ ᠤ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠲᠠᠭᠠᠬᠤ  ᠠᠵᠢᠯ ᠢ ᠥᠷᠨᠢᠭᠦᠯᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2024/3/19
    ᠦᠵᠦᠮᠦᠴᠢᠨ ᠬᠤᠨᠢᠨ ᠤ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠤᠯᠠᠮ ᠴᠢᠨᠠᠭᠰᠢᠳᠠ ᠳᠡᠭᠡᠭᠰᠢᠯᠡᠭᠦᠯᠤᠨ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠪᠠᠷᠢᠮᠵᠢᠶᠠᠵᠢᠯᠳᠠ ᠶᠢᠨ ᠪᠦᠳᠤᠬᠡᠨ ᠪᠠᠶᠢᠭᠤᠯᠤᠯᠳᠠ ᠳᠤ ᠪᠦᠲᠦᠮᠵᠢᠲᠡᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠶᠢᠨ ᠲᠤᠰᠠᠳᠠ᠂ ᠬᠤᠭᠤᠯᠠᠳᠦ ᠶᠢᠨ ᠭᠤᠣᠯ ᠪᠠᠯᠭᠠᠰᠤ ᠨᠢ ᠪᠥᠬᠦ  ᠪᠠᠯᠭᠠᠰᠣᠨ ᠤ ᠬᠡᠪᠴᠢᠶᠡᠨ ᠳᠠᠬᠢ ᠦᠵᠦᠮᠦᠴᠢᠨ ᠬᠤᠨᠢᠨ ᠤ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠠᠶᠢᠨ᠎ᠠ᠃      ᠦᠢᠷ᠎ᠡ ᠳᠤ ᠬᠤᠭᠤᠯᠠᠳᠦ ᠶᠢᠨ ᠭᠤᠣᠯ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯ ᠤᠨ ᠠᠵᠢᠯᠲᠠᠳ ᠮᠠᠯᠵᠢᠬᠤ ᠡᠷᠦᠬᠡ ᠳᠤ ᠭᠦᠨᠵᠡᠭᠡᠶᠢᠷᠡᠨ ᠦᠵᠦᠮᠦᠴᠢᠨ  ᠬᠤᠷᠠᠭᠠᠨ ᠤ ᠪᠡᠶ᠎ᠡ ᠶᠢᠨ ᠥᠨᠳᠥᠷ ᠪᠤᠯᠤᠨ ᠪᠡᠶ᠎ᠡ ᠶᠢᠨ ᠬᠦᠨᠳᠦ ᠵᠡᠷᠭᠡ ᠦᠢᠯᠡᠳᠪᠦᠷᠢᠯᠡᠯ ᠤᠨ ᠴᠢᠳᠠᠪᠬᠢ ᠶᠢᠨ ᠭᠦᠢᠴᠡᠳᠬᠡᠯ ᠲᠤᠭ᠎ᠠ ᠶᠢ ᠬᠡᠮᠵᠢᠨ ᠲᠣᠭᠲᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠪᠠᠷᠢᠮᠵᠢᠶ᠎ᠠ ᠳᠤ ᠬᠦᠷᠦᠭᠰᠡᠨ ᠦᠵᠦᠮᠦᠴᠢᠨ ᠬᠤᠷᠠᠭᠠᠨ ᠤ ᠴᠢᠬᠢᠨ ᠳᠤ ᠲᠡᠮᠳᠡᠭ ᠵᠡᠭᠦᠯᠭᠡᠵᠦ᠂ ᠬᠡᠮᠵᠢᠨ ᠲᠣᠭᠲᠠᠭᠠᠭᠰᠠᠨ ᠲᠡᠮᠳᠡᠭᠯᠡᠯ ᠤᠨ ᠬᠦᠰᠦᠨᠦᠭᠲᠦ ᠶᠢ ᠨᠠᠷᠢᠯᠢᠭ ᠣᠨᠣᠪᠴᠢᠲᠠᠶ ᠲᠠᠭᠯᠠᠨ᠂ ᠬᠡᠮᠵᠢᠨ ᠲᠣᠭᠲᠠᠭᠠᠭᠰᠠᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ ᠦᠨᠡᠨ ᠬᠦ ᠪᠠᠲᠤᠯᠠᠵᠠᠢ᠃     ᠲᠤᠰ ᠤᠳᠠᠭᠠᠨ ᠤ ᠦᠢᠯᠡᠳᠪᠦᠷᠢᠯᠡᠯ ᠤᠨ ᠴᠢᠳᠡᠪᠬᠢ ᠶᠢ ᠬᠡᠮᠵᠢᠨ ᠲᠣᠭᠲᠠᠭᠠᠬᠤ ᠠᠵᠢᠯ ᠢ ᠥᠷᠨᠢᠭᠦᠯᠬᠦ ᠪᠠᠷ ᠳᠡᠮᠵᠢᠭᠤᠯᠵᠦ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ ᠳᠤ ᠰᠠᠭᠤᠷᠢ ᠲᠤᠭ᠎ᠠ ᠪᠠᠷᠢᠮᠲᠠ ᠬᠠᠩᠭᠠᠠᠠᠰᠠᠨ  ᠢᠶᠠᠷ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ ᠠᠵᠢᠯ   ᠤᠨ ᠰᠢᠨᠵᠢᠯᠡᠬᠦ ᠤᠬᠠᠭᠠᠨᠴᠢ ᠴᠢᠨᠠᠷ ᠪᠠ ᠠᠵᠤ ᠤᠶᠢᠯᠡᠰ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠬᠡᠢ ᠮᠠᠯᠴᠢᠳ ᠲᠤ ᠦᠢᠯᠡᠳᠪᠦᠷᠢᠯᠡᠯ ᠤᠨ ᠴᠢᠳᠡᠪᠬᠢ ᠶᠢ ᠬᠡᠮᠵᠢᠨ ᠲᠣᠭᠲᠠᠭᠠᠬᠤ ᠶᠢᠨ ᠴᠢᠬᠤᠯᠠ ᠴᠢᠨᠠᠷ ᠢ ᠲᠠᠨᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠭᠤᠯᠠᠳᠦ ᠶᠢᠨ ᠭᠤᠤᠯ ᠪᠠᠯᠭᠠᠰᠤ ᠨᠢ ᠦᠵᠦᠮᠦᠴᠢᠨ ᠬᠤᠨᠢᠨ ᠤ ᠲᠣᠭᠠᠴᠢᠯᠠᠭᠰᠠᠨ ᠡᠭᠦᠯᠳᠡᠷ ᠪᠣᠶᠢᠵᠢᠭᠤᠯᠬᠤ ᠲᠠᠪᠴᠠᠩ ᠤᠨ ᠪᠠᠶᠢᠭᠤᠯᠤᠯᠲᠠ ᠪᠤᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠦᠷ᠎ᠡ ᠪᠦᠲᠦᠮᠵᠢᠲᠡᠶ᠂ ᠨᠠᠷᠢᠯᠢᠭ ᠣᠨᠣᠪᠴᠢᠲᠠᠶ᠂ ᠦᠨᠡᠨ ᠪᠣᠳᠠᠲᠠᠢ ᠲᠤᠭ᠎ᠠ ᠪᠠᠷᠢᠮᠲᠠ  ᠶᠢ ᠬᠠᠩᠭᠠᠨ᠂ ᠦᠵᠦᠮᠦᠴᠢᠨ ᠬᠤᠨᠢᠨ ᠤ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠤᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号