| 3 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠡᠷᠳᠡᠨᠢᠰᠦᠷᠦᠭ | ᠬᠤᠶᠠᠳᠤᠭᠠᠷ ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠢ ᠳᠠᠭᠠᠭᠤᠯᠤᠨ ᠤᠷᠢᠳ ᠬᠤᠵᠢᠳ ᠪᠠᠶᠠᠨᠬᠤᠸᠠ ᠪᠠᠯᠭᠠᠰᠤ | ᠂ ᠭᠤᠷᠤᠬᠠᠨ ᠪᠠᠯᠭᠠᠰᠤ᠂ ᠤᠯᠠᠭᠠᠨᠬᠠᠯᠠᠭ᠎ᠠ ᠰᠤᠮᠤᠨ ᠳᠤ ᠬᠦᠷᠴᠦ 2023 ᠣᠨ ᠤ ᠰᠤᠮᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠯᠭᠠᠨ ᠦᠨᠡᠯᠡᠯᠲᠡ ᠶᠢ ᠥᠷᠨᠢᠭᠦᠯᠪᠡ᠃ | ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠡᠩ ᠲᠡᠷᠢᠭᠦᠨ ᠳᠤ ᠡᠯ᠎ᠡ ᠰᠤᠮᠤ ᠪᠠᠯᠭᠠᠰᠤ ᠶᠢᠨ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠂ ︽ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾᠂ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠴᠡᠭ︾ ᠤᠨ ᠪᠠᠶᠢᠭᠤᠯᠤᠯᠲᠠ ᠪᠠ ᠠᠵᠢᠯ ᠥᠷᠨᠢᠭᠦᠯᠦᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠮᠤ ᠪᠠᠯᠭᠠᠰᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠦᠢᠯᠡᠳᠦᠭᠰᠡᠨ ᠸᠢᠳᠢᠤ᠋ ᠶᠢ ᠦᠵᠡᠵᠦ᠂ | ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | 2023 ᠣᠨ ᠳᠤ ᠣᠯᠣᠭᠰᠠᠨ ᠠᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃ ᠳᠠᠷᠠᠭ᠎ᠠ ᠪᠠᠷ ᠨᠢ ᠡᠯ᠎ᠡ | ᠰᠤᠮᠤ ᠪᠠᠯᠭᠠᠰᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ | ᠪᠥᠭᠡᠳ ᠪᠣᠳᠠᠲᠠᠢ ᠪᠠᠶᠢᠳᠠᠯ ᠢ ᠦᠨᠳᠦᠰᠦᠯᠡᠨ ᠬᠤᠪᠢ ᠥᠭᠪᠡ᠃ | ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠨᠢ ᠡᠯ᠎ᠡ ᠰᠤᠮᠤ ᠪᠠᠯᠭᠠᠰᠤ ᠶᠢᠨ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠂ ︽ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠥᠷᠲᠡᠭᠡ︾᠂ ︽ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠴᠡᠭ︾ ᠤᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢᠨ | ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠬᠤᠶᠢᠰᠢᠳᠠ ᠶᠢᠨ ᠠᠵᠢᠯ ᠳᠤ ᠵᠢᠯᠤᠭᠤᠳᠬᠤ ᠰᠠᠨᠠᠯ ᠳᠤᠷᠠᠳᠪᠠ ᠃ | | |