ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠪ
ᠨᠡᠶᠢᠲᠡᠯᠡᠭᠰᠡᠨ ᠴᠠᠭ᠄
2024/3/20
      ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠳᠤ ᠬᠠᠷᠢᠶᠠᠯᠠᠭᠳᠠᠨ᠎ᠠ᠃ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠨᠢ ᠨᠠᠮ ᠤᠨ ᠲᠥᠪ ᠬᠤᠷᠢᠶ᠎ᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠢᠴᠢ ᠵᠢᠭᠤᠯᠴᠢᠯᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠣᠯᠠᠨ ᠲᠦᠮᠡᠨ ᠤ ᠰᠣᠶᠣᠯ ᠤᠨ ᠦᠢᠯᠡᠴᠢᠯᠡᠭᠡ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠠᠵᠢᠯ ᠢ ᠡᠭᠦᠷᠭᠡᠯᠡᠨ᠎ᠡ᠃      2021 ᠣᠨ ᠤ 3 ᠰᠠᠷ᠎ᠠ ᠶᠢᠨ 31᠎ ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ᠂ ᠪᠠᠷᠠᠭᠤᠨ ᠦᠵᠦᠮᠦᠴᠢᠨ ᠬᠤᠰᠢᠭᠤᠨ ᠤ ᠨᠣᠮ ᠤᠨ ᠰᠠᠩ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠤᠨ ᠣᠷᠳᠣᠨ ᠢ ᠡᠮᠬᠢᠯᠡᠨ ᠨᠡᠶᠢᠯᠡᠭᠦᠯᠵᠦ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠢ ᠪᠠᠶᠢᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠭᠤᠳ ᠬᠠᠷᠢᠶ᠎ᠠ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠭᠠᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号